ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ︵ᠭᠤᠷᠪᠠᠳᠤᠭᠠᠷ ᠬᠤᠭᠤᠴᠠᠭ᠎ᠠ︶᠎ ᠶᠢᠨ ᠲᠤᠰᠬᠠᠶ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/28
      11 ᠰᠠᠷ᠎ᠠ ᠶᠢᠨ 25᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ︵ᠭᠤᠷᠪᠠᠳᠤᠭᠠᠷ ᠬᠤᠭᠤᠴᠠᠭ᠎ᠠ︶᠎ ᠶᠢᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ 16 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠬᠤᠷᠠᠯ ︽ᠵᠥᠪ ᠣᠨᠣᠪᠴᠢᠲᠠᠶ ᠵᠠᠰᠠᠭ ᠤᠨ ᠠᠮᠵᠢᠯᠲᠠ ᠶᠢᠨ ᠦᠵᠡᠯᠲᠡ ᠶᠢ ᠪᠣᠶ ᠪᠣᠯᠭᠠᠬᠤ ᠪᠠ ᠦᠢᠯᠡᠳᠦᠯᠭᠡᠵᠢᠭᠦᠯᠬᠦ ︾᠎ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠰᠤᠷᠭᠠᠨ ᠬᠥᠮᠦᠵᠢᠯ ᠤᠨ ᠨᠢᠭᠡᠳᠦᠭᠡᠷ ᠬᠠᠷᠢᠯᠴᠠᠬᠤ ᠳᠤᠭᠤᠶᠢᠯᠠᠩ ᠤᠨ ᠳᠠᠷᠤᠭ᠎ᠠ᠂ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢ ᡁᠢ ᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠼᠤᠤ ᠬᠤᠢ ᠰᠢᠶᠠᠨ᠂ ᠭᠤᠤ ᠳ᠋ᠧᠩ ᠴᠧᠩ᠂ ᠭᠧ ᠳ᠋ᠦᠩ ᠮᠧᠢ ᠵᠡᠷᠭᠡ 5 ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ ᠃      ᠰᠦᠨ ᠬᠤᠤ᠂ ᠶᠡᠷᠦᠩᠬᠡᠢ ᠱᠦᠵᠢ ᠰᠢ ᠶᠢᠨ ᠫᠢᠩ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠥᠭᠴᠦ᠂ ︽ᠵᠠᠰᠠᠭ ᠤᠨ ᠠᠮᠵᠢᠯᠲᠠ ᠪᠦᠲᠦᠮᠵᠢ ᠬᠡᠨ ᠤ ᠲᠥᠯᠥᠭᠡ ᠪᠠᠶᠢᠬᠤ᠂ ᠶᠠᠮᠠᠷ ᠶᠠᠩᠵᠤ ᠶᠢᠨ ᠵᠠᠰᠠᠭ ᠤᠨ ᠠᠵᠢᠯ ᠤᠨ ᠠᠮᠵᠢᠯᠲᠠ ᠤᠯᠬᠤ᠂ ᠶᠠᠭᠤᠨ ᠳᠤ ᠲᠦᠰᠢᠭᠯᠡᠨ ᠵᠠᠰᠠᠭ ᠤᠨ ᠠᠵᠢᠯ ᠤᠨ ᠠᠮᠵᠢᠯᠲᠠ ᠪᠦᠲᠦᠮᠵᠢ ᠭᠠᠷᠭᠠᠬᠤ︾ ᠵᠡᠷᠭᠡ ᠴᠢᠬᠤᠯᠠ ᠶᠡᠭᠡ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠣᠷᠣᠰᠢᠨ ᠲᠣᠭᠲᠠᠨᠢᠬᠤ᠂ ᠠᠵᠢᠯ ᠬᠢᠵᠦ ᠦᠢᠯᠡᠰ ᠪᠤᠰᠬᠠᠬᠤ ᠳᠤ ᠦᠵᠡᠯ ᠰᠠᠨᠠᠭᠠᠨ ᠤ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠪᠦᠬᠦ ᠲᠤᠭᠤᠷᠢᠭ ᠢᠶᠠᠷ ᠢᠶᠠᠨ ︽ᠰᠤᠷᠤᠯᠴᠠᠬᠤ ᠦᠵᠡᠯ ᠰᠠᠨᠠᠭ᠎ᠠ︾ ᠭᠡᠬᠦ ᠡᠨᠡᠬᠦ ᠭᠤᠣᠯ ᠰᠡᠳᠦᠪ ᠭᠤᠣᠯ ᠰᠢᠵᠢᠮ ᠢ ᠴᠢᠩᠭ᠎ᠠ ᠡᠵᠡᠮᠳᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠬᠤ ᠬᠡᠷᠡᠭᠲᠡᠢ᠃ ᠪᠥᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠨᠠᠮᠴᠢ ᠴᠢᠨᠠᠷ ᠤᠨ ᠵᠠᠷᠴᠢᠮ ᠢᠶᠠᠨ ᠪᠠᠲᠤᠳᠬᠠᠵᠤ᠂ ᠠᠵᠢᠯ ᠤᠨ ᠪᠦᠲᠦᠮᠵᠢ ᠶᠢᠨ ᠦᠵᠡᠯᠲᠡ ᠶᠢᠨ ᠤᠯᠤᠰ ᠲᠥᠷᠥ ᠶᠢᠨ ᠯᠣᠭᠢᠭ ᠢ ᠣᠨᠣᠪᠴᠢᠲᠠᠶ ᠡᠵᠡᠮᠳᠡᠵᠦ᠂ ᠤᠯᠤᠰ ᠲᠥᠷᠥ ᠶᠢᠨ ᠢᠲᠡᠭᠡᠯ ᠪᠢᠰᠢᠷᠡᠯ ᠢ ᠪᠠᠲᠤ ᠪᠠᠬᠢ ᠪᠣᠶ ᠪᠣᠯᠭᠠᠵᠤ᠂ ᠴᠠᠭ ᠢᠮᠠᠭᠲᠠ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠶ᠃ ︽ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ︾ ᠡᠨᠡ ᠬᠦ ᠴᠢᠬᠤᠯᠠ ᠵᠣᠭᠰᠣᠯᠲᠠ ᠦᠵᠡᠯᠲᠡ ᠠᠷᠭ᠎ᠠ ᠶᠢ ᠭᠦᠨᠵᠡᠭᠡᠢ ᠣᠶᠢᠯᠠᠭᠠᠵᠤ᠂ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠶᠢ ᠪᠡᠶᠡᠯᠡᠭᠦᠯᠬᠦ ᠬᠡᠷᠡᠭᠲᠡᠢ᠃ ᠵᠢᠮ᠎ᠡ ᠶᠣᠰᠣ ᠶᠣᠰᠣᠭᠠᠷ ᠠᠵᠢᠯᠯᠠᠵᠤ᠂ ᠪᠤᠰᠤᠳᠴᠢ ᠪᠣᠳᠠᠲᠤ ᠪᠠᠶᠢᠳᠠᠯ ᠢ ᠬᠦᠨᠳᠦᠳᠬᠡᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠬᠡᠯᠡᠪᠡ᠃      ᠯᠢ ᡁᠢ ᠢ ᠦᠨᠡᠯᠡᠯᠲᠡ ᠪᠠ ᠵᠢᠯᠤᠭᠤᠳᠤᠯᠭ᠎ᠠ ᠬᠢᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号