ᠪᠢᠨ ᠾᠧ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/11/7
      ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠤᠨ ᠲᠤᠬᠠᠶ ᠰᠢᠷᠢᠰ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 10 ᠰᠠᠷ᠎ᠠ ᠶᠢᠨ 31᠎ ᠤ ᠡᠳᠦᠷ᠂ ᠪᠢᠨ ᠾᠧ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠶ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠪᠠ᠃      ᠨᠣᠮ ᠤᠩᠰᠢᠬᠤ ᠠᠩᠬᠢ ᠳᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠢ ᠳᠠᠭᠠᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾᠎ ᠢ ᠲᠥᠪᠯᠡᠷᠡᠭᠦᠯᠦᠨ ᠰᠤᠷᠤᠯᠴᠠᠬᠤ ᠶᠢᠨ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃      ᠲᠤᠰᠬᠠᠶ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠡᠨᠡ ᠬᠦ ᠭᠤᠤᠯ ᠰᠡᠳᠦᠪ ᠭᠤᠤᠯ ᠱᠤᠭᠤᠮ ᠪᠠ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ︽ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ︾ ᠲᠣᠭᠤᠷᠢᠨ ᠳᠤ ᠰᠤᠳᠤᠯᠤᠨ ᠶᠠᠷᠢᠯᠴᠠᠪᠠ᠃ ᠲᠣᠰ ᠤᠳᠠᠭᠠᠨ ᠤ ᠰᠤᠳᠤᠯᠤᠨ ᠶᠠᠷᠢᠯᠴᠠᠭ᠎ᠠ ᠨᠢ ᠬᠠᠶᠢᠷᠤᠪ ᠤᠨ ᠲᠣᠬᠤᠢ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠲᠤᠭᠤᠶᠢᠯᠠᠩ ᠤᠨ ᠳᠠᠷᠤᠭ᠎ᠠ ᠴᠢ ᠬᠦᠶ ᠶᠢᠩ ᠢ ᠲᠤᠰᠬᠠᠶᠢᠯᠠᠨ ᠤᠷᠢᠵᠤ ᠵᠢᠯᠣᠭᠤᠳᠤᠭᠤᠯᠬᠤ ᠶᠢᠨ ᠬᠠᠮᠲᠤ ᠤᠳᠤᠷᠢᠳᠤᠯᠭ᠎ᠠ ᠶᠢᠨ ᠰᠤᠳᠤᠯᠤᠨ ᠶᠠᠷᠢᠯᠴᠠᠬᠤ ᠮᠠᠲ᠋ᠧᠷᠢᠶᠠᠯ ᠤᠨ ᠲᠤᠬᠠᠶ ᠡᠷᠬᠢᠮ ᠨᠠᠨᠳᠢᠨ ᠰᠠᠨᠠᠯ ᠳᠤᠷᠠᠳᠴᠤ᠂ ᠰᠤᠳᠤᠯᠤᠨ ᠶᠠᠷᠢᠯᠴᠠᠬᠤ ᠮᠠᠲ᠋ᠧᠷᠢᠶᠠᠯ ᠪᠢᠴᠢᠬᠦ ᠳᠡᠭᠡᠨ ᠣᠨᠣᠯ ᠢ ᠪᠣᠳᠠᠲᠠᠶ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠠᠵᠢᠯ ᠥᠷᠨᠢᠭᠦᠯᠬᠦ ᠶᠢ ᠦᠨᠡᠨ ᠬᠦ ᠵᠢᠯᠣᠭᠤᠳᠴᠤ ᠴᠢᠳᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠤᠨ ᠳᠠᠷᠠᠭ᠎ᠠ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠴᠢᠬᠤᠯᠠᠴᠢᠯᠠᠭᠰᠠᠨ ᠨᠢ᠄ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠳᠤ ᠵᠥᠪ ᠢᠶᠠᠷ ᠬᠠᠨᠳᠤᠵᠤ᠂ ᠪᠡᠶᠡᠴᠢ ᠴᠢᠳᠠᠮᠠᠭᠠᠶ ᠴᠢᠨᠠᠷ ᠢᠶᠠᠨ ᠦᠨᠡᠨᠬᠦ ᠴᠢᠩᠭᠠᠳᠬᠠᠵᠤ᠂ ᠳᠠᠪᠠᠭᠤᠯᠢᠭ ᠢᠶᠠᠨ ᠪᠠᠳᠠᠷᠠᠭᠤᠯᠬᠤ᠂ ᠳᠤᠲᠠᠭᠤᠳᠠᠯ ᠢᠶᠠᠨ ᠨᠥᠬᠦᠪᠥᠷᠢᠯᠡᠵᠦ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠳᠤ ᠪᠣᠳᠠᠲᠠᠶ ᠰᠡᠳᠬᠢᠴᠡ ᠪᠠ ᠠᠷᠭᠠᠴᠠᠬᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠤᠶᠠᠷ ᠶᠡᠭᠡ ᠶᠠᠪᠤᠳᠠᠯ ᠳᠡᠭᠡᠷ᠎ᠡ ᠪᠣᠳᠣᠯᠬᠢᠯᠠᠵᠤ᠂ ᠬᠤᠶᠠᠷ ᠶᠡᠭᠡ ᠶᠠᠪᠤᠳᠠᠯ ᠳᠡᠭᠡᠷ᠎ᠡ ᠬᠦᠴᠦᠯᠡᠨ ᠴᠢᠷᠮᠠᠶᠢᠵᠤ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠤᠶᠢᠯᠡᠳᠤᠯᠭᠡᠵᠢᠬᠦᠯᠵᠤ ᠦᠷ᠎ᠡ ᠪᠦᠲᠦᠮᠵᠢ ᠣᠯᠬᠤ ᠶᠢ ᠨᠢ ᠠᠬᠢᠭᠤᠯᠬᠤ ᠬᠡᠷᠡᠭᠲᠡᠶ ᠭᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号