ᠬᠠᠶᠢᠷᠤᠪ ᠤᠨ ᠲᠣᠬᠤᠢ ᠲᠣᠭᠤᠷᠢᠭ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠤ ᠰᠢᠯᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/11/9
      11 ᠰᠠᠷ᠎ᠠ ᠶᠢᠨ 4᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠲᠤᠭᠤᠷᠢᠭ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠤ ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 551 ᠪᠠᠭᠰᠢ ᠰᠢᠯᠭᠠᠯᠲᠠ ᠳᠤ ᠣᠷᠣᠯᠴᠠᠪᠠ᠃
1699349749858086089.png     
      ᠲᠣᠰ ᠤᠳᠠᠭᠠᠨ ᠤ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠤ ᠰᠢᠯᠭᠠᠯᠲᠠ ᠶᠢᠨ ᠵᠣᠷᠢᠯᠭ᠎ᠠ ᠨᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠲᠣᠭᠤᠷᠢᠭ ᠤᠨ ᠪᠠᠭᠰᠢ ᠶᠢᠨ ᠳᠤᠮᠳᠠ ᠢᠳᠡᠪᠬᠢᠲᠡᠶ ᠰᠤᠷᠤᠯᠴᠠᠬᠤ᠂ ᠰᠢᠷᠭᠠᠭᠤ ᠴᠢᠷᠮᠠᠶᠢᠬᠤ᠂ ᠴᠢᠩᠭ᠎ᠠ ᠨᠢᠮᠪᠠᠶ ᠰᠤᠷᠤᠯᠴᠠᠬᠤ᠂ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠭᠤᠤᠯᠳᠠᠭᠤ ᠪᠠᠭᠰᠢ ᠶᠢᠨ ᠮᠡᠳᠡᠯᠭᠡ᠂ ᠤᠷ᠎ᠠ ᠴᠢᠳᠠᠪᠤᠷᠢ ᠶᠢ ᠡᠵᠡᠮᠰᠢᠬᠦ ᠬᠡᠮᠵᠢᠶ᠎ᠡ ᠶᠢ ᠰᠢᠯᠭᠠᠨ ᠪᠠᠶᠢᠴᠠᠭᠠᠵᠤ᠂ ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠭᠰᠠᠨ ᠰᠡᠳᠦᠪ ᠭᠠᠷᠭᠠᠬᠤ ᠴᠢᠭᠯᠡᠯ ᠪᠠ ᠬᠠᠨᠳᠤᠰᠢ ᠶᠢ ᠭᠦᠨᠵᠡᠭᠡᠶ ᠬᠠᠶᠢᠨ ᠰᠦᠪᠡᠭᠴᠢᠯᠡᠵᠦ᠂ ᠪᠠᠭᠰᠢ ᠶᠢᠨ ᠲᠤᠰᠬᠠᠶ ᠮᠡᠷᠭᠡᠵᠢᠯ ᠤᠨ ᠪᠤᠶᠢᠵᠢᠯᠲᠠ ᠶᠢ ᠠᠬᠢᠭᠤᠯᠬᠤ ᠶᠢᠨ ᠲᠥᠯᠥᠭᠡ ᠶᠤᠮ᠃
1699349762496003877.png    
      ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ ᠰᠢᠶᠧ ᠵᠢᠢ ᠶᠧ ᠲᠤᠬᠠᠢ ᠶᠢᠨ ᠲᠠᠯᠠᠪᠠᠢ ᠳᠤ ᠬᠦᠷᠴᠦ ᠲᠣᠭᠤᠷᠢᠨ ᠪᠠᠶᠢᠴᠠᠭᠠᠵᠤ ᠰᠢᠯᠭᠠᠬᠤ ᠠᠵᠢᠯ ᠬᠢᠪᠡ᠃ ᠲᠡᠷᠡ᠂ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠲᠤ ᠶᠢ ᠲᠥᠪ ᠴᠢᠩᠭ᠎ᠠ ᠪᠣᠯᠭᠠᠵᠤ᠂ ᠡᠷᠬᠡ ᠲᠡᠭᠰᠢ᠂ ᠲᠥᠪ ᠭᠤᠤᠯᠴᠢ ᠰᠢᠯᠭᠠᠯᠲᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠰᠢᠯᠭᠠᠯᠲᠠ ᠪᠠᠷ ᠪᠠᠭᠰᠢ ᠶᠢᠨ ᠲᠤᠰᠬᠠᠶ ᠮᠡᠷᠭᠡᠵᠢᠯ ᠤᠨ ᠰᠤᠷᠤᠯᠴᠠᠯᠭ᠎ᠠ ᠪᠠ ᠵᠢᠭᠠᠨ ᠰᠤᠷᠭᠠᠯᠲᠠ ᠶᠢᠨ ᠰᠤᠳᠤᠯᠭᠠᠨ ᠢ ᠠᠬᠢᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
1699349783562070196.png     
      ᠲᠣᠰ ᠤᠳᠠᠭᠠᠨ ᠤ ᠰᠢᠯᠭᠠᠯᠲᠠ ᠳᠤ ᠪᠠᠭᠰᠢ ᠨᠠᠷ ᠨᠠᠷᠢᠨ ᠬᠢᠨᠠᠮᠠᠭᠠᠶ ᠪᠡᠯᠡᠳᠬᠡᠵᠦ᠂ ᠢᠳᠡᠪᠬᠢᠲᠡᠶ ᠣᠷᠣᠯᠴᠠᠨ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠰᠠᠶᠢᠨ ᠰᠠᠶᠢᠬᠠᠨ ᠠᠵᠢᠯ ᠮᠡᠷᠭᠡᠵᠢᠯ ᠤᠨ ᠬᠡᠪ ᠪᠣᠯᠪᠠᠰᠤᠷᠠᠯ ᠪᠠ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠢᠯᠡᠷᠡᠭᠦᠯᠪᠡ᠃      ᠤᠢᠢᠷ᠎ᠠ ᠶᠢᠨ ᠵᠢᠯ ᠠᠴᠠ᠂ ᠬᠠᠶᠢᠷᠤᠪ ᠤᠨ ᠲᠤᠬᠤᠢ ᠲᠣᠭᠤᠷᠢᠭ ᠢᠮᠠᠭᠲᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠬᠠᠮᠤᠭ ᠤᠨ ᠴᠢᠬᠤᠯᠠ ᠰᠠᠭᠤᠷᠢ ᠴᠢᠨᠠᠷᠲᠠᠢ ᠢᠨᠵᠧᠨᠧᠷᠢᠩ ᠪᠣᠯᠭᠠᠭᠰᠠᠭᠠᠷ ᠢᠷᠡᠵᠠᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠪᠠᠭᠰᠢ ᠶᠢᠨ ᠲᠤᠰᠬᠠᠢ ᠮᠡᠷᠭᠡᠵᠢᠯ ᠤᠨ ᠬᠢᠷᠢ ᠲᠦᠪᠰᠢᠨ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠤᠯᠠᠨ ᠲᠠᠯ᠎ᠠ ᠠᠴᠠ ᠬᠦᠴᠦᠯᠡᠵᠦ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠡᠳᠬᠢᠯ ᠲᠠᠯᠪᠢᠨ ᠰᠠᠶᠢᠲᠤᠷ ᠡᠷᠬᠢᠯᠡᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号