ᠦᠰᠦᠭ ᠢᠶᠠᠷ ᠥᠭᠦᠯᠡᠬᠦᠢ᠄ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠨᠢ ᠶᠠᠮᠠᠷ ᠶᠠᠮᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠠᠪᠴᠢᠷᠠᠬᠤ ᠪᠤᠢ︖
ᠨᠡᠶᠢᠲᠡᠯᠡᠭᠰᠡᠨ ᠴᠠᠭ᠄
2023/11/9
      ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠨᠢ ᠶᠠᠮᠠᠷ ᠶᠠᠮᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠠᠪᠴᠢᠷᠠᠬᠤ ᠪᠤᠢ︖      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠥᠬᠦ ᠲᠠᠯ᠎ᠠ ᠪᠠᠷ ᠪᠠᠲᠤᠯᠠᠵᠤ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠲᠤᠰᠠᠯᠠᠪᠠᠰᠤ ᠵᠣᠬᠢᠬᠤ ᠶᠢ ᠨᠢ ᠴᠥᠮ ᠲᠤᠰᠠᠯᠠᠬᠤ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠰᠤᠷᠤᠭᠴᠢᠳ ᠲᠤ ᠬᠠᠨᠳᠤᠭᠤᠯᠤᠭᠰᠠᠨ ᠪᠤᠰᠤᠳ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ᠃ ᠲᠦᠷᠦᠭᠦᠬᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠴᠢᠨᠠᠷ ᠰᠠᠶᠢᠲᠠᠶ ᠲᠡᠩᠴᠡᠭᠦᠷᠢᠲᠡᠶ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠴᠢᠨᠠᠷ ᠰᠠᠶᠢᠲᠠᠶ ᠲᠡᠩᠴᠡᠭᠦᠷᠢᠲᠡᠶ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠭᠤᠤᠯ ᠡᠭᠦᠷᠭᠡ ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃      ︽ᠴᠢᠨᠠᠷ ᠰᠠᠶᠢᠲᠠᠶ ᠲᠡᠩᠴᠡᠭᠦᠷᠢᠲᠡᠶ︾᠎ ᠨᠢ ᠶᠠᠮᠠᠷ ᠶᠠᠮᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠠᠪᠴᠢᠷᠠᠬᠤ ᠪᠣᠶ︖ ᠵᠠᠯᠠᠭᠤᠴᠤᠳ ᠪᠠᠭᠠᠴᠤᠳ ᠬᠡᠦᠬᠡᠳ ᠤᠨ ᠦᠰᠦᠨ ᠪᠤᠶᠢᠵᠢᠯᠲᠠ ᠳᠤ ᠶᠠᠮᠠᠷ ᠨᠥᠯᠥᠭᠡ ᠲᠠᠢ ᠪᠤᠢ ︖ ᠣᠶᠢᠷ᠎ᠠ ᠳᠤ᠂ ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠵᠤᠷᠭᠠᠨ ᠲᠣᠪᠴᠢᠶᠠᠨ ᠤ ᠬᠠᠷᠢᠭᠤᠴᠠᠯᠭᠠᠲᠠᠨ ᠨᠥᠬᠦᠳ ᠢ ᠰᠤᠷᠪᠤᠯᠵᠢᠯᠠᠪᠠ ᠃      ᠠᠰᠠᠭᠤᠯᠲᠠ᠄ ᠣᠶᠢᠷ᠎ᠠ ᠶᠢᠨ ᠵᠢᠯ ᠤᠳ ᠲᠤ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠡᠬᠡᠳᠡ ᠠᠩᠬᠠᠷᠤᠯ ᠲᠠᠯᠪᠢᠵᠤ ᠪᠠᠶᠢᠨ᠎ᠠ᠃ ᠰᠤᠷᠭᠠᠭᠤᠯᠢ ᠨᠤᠭᠤᠳ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠠᠰᠤᠭ ᠢ ᠬᠡᠷᠬᠢᠨ ᠪᠠᠶᠢᠭᠤᠯᠬᠤ ᠪᠤᠢ︖      ᠬᠠᠷᠢᠭᠤᠯᠲᠠ᠄ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠠᠰᠤᠭ ᠪᠣᠯ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢᠨ ᠲᠤᠰᠬᠠᠶ ᠬᠠᠪᠰᠤᠷᠤᠨ ᠵᠢᠯᠣᠭᠤᠳᠬᠤ ᠪᠠ ᠪᠦᠯᠬᠦᠮ ᠨᠡᠶᠢᠲᠡ ᠶᠢᠨ ᠬᠠᠪᠰᠤᠷᠤᠨ ᠵᠢᠯᠣᠭᠤᠳᠬᠤ ᠠᠵᠢᠯ ᠢ ᠥᠷᠨᠢᠭᠦᠯᠵᠦ᠂ ᠰᠤᠷᠤᠭᠴᠢᠳ ᠢ ᠬᠠᠪᠰᠤᠷᠤᠨ ᠰᠤᠷᠤᠯᠴᠠᠯᠭ᠎ᠠ᠂ ᠠᠮᠢᠳᠤᠷᠠᠯ᠂ ᠥᠪᠡᠷ ᠤᠨ ᠤᠬᠠᠮᠰᠠᠷ᠂ ᠤᠷᠮ᠎ᠠ ᠰᠡᠳᠬᠢᠯᠭᠡ ᠶᠢ ᠵᠣᠬᠢᠴᠠᠭᠤᠯᠬᠤ᠂ ᠬᠥᠮᠦᠰ ᠤᠨ ᠬᠤᠭᠤᠷᠣᠨᠳᠣᠬᠢ ᠶᠠᠪᠤᠯᠴᠠᠭ᠎ᠠ ᠪᠠ ᠰᠤᠷᠭᠠᠭᠤᠯᠢ ᠳᠠᠪᠰᠢᠵᠤ ᠠᠵᠢᠯ ᠣᠯᠭᠤᠬᠤ ᠳᠤᠮᠳᠠ ᠢᠯᠡᠷᠡᠭᠰᠡᠨ ᠰᠡᠳᠬᠢᠴᠡ ᠶᠢᠨ ᠦᠢᠯᠡ ᠠᠵᠢᠯᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠠ ᠰᠡᠳᠬᠢᠴᠡ ᠶᠢᠨ ᠬᠠᠷᠰᠢ ᠰᠠᠭᠠᠳ ᠢ ᠠᠷᠢᠯᠭᠠᠬᠤ ᠲᠤᠰᠬᠠᠶ ᠲᠠᠯᠠᠪᠤᠷ ᠮᠥᠨ᠂ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠥᠷᠨᠢᠭᠦᠯᠬᠦ ᠴᠢᠬᠤᠯᠠ ᠵᠢᠭᠰᠠᠭᠠᠯ ᠤᠨ ᠭᠠᠵᠠᠷ ᠮᠥᠨ᠃ ᠦᠨᠳᠦᠰᠦᠨ ᠪᠠᠶᠢᠷᠢᠯᠠᠭᠤᠯᠤᠯᠲᠠ ᠱᠠᠭᠠᠷᠳᠠᠯᠭ᠎ᠠ ᠠᠴᠠ ᠦᠵᠡᠪᠡᠯ᠂ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠠᠰᠤᠭ ᠨᠢ ᠬᠠᠷᠢᠴᠠᠩᠭᠤᠶ ᠨᠠᠮ ᠲᠣᠭᠲᠠᠭᠤᠨ ᠮᠥᠷᠲᠡᠭᠡᠨ ᠣᠷᠣᠵᠤ ᠭᠠᠷᠬᠤ ᠳᠤ ᠳᠥᠭᠦᠮ ᠭᠠᠵᠠᠷ ᠪᠠᠶᠢᠭᠤᠯᠬᠤ ᠶᠢ ᠰᠣᠩᠭᠤᠬᠤ ᠬᠡᠷᠡᠭᠲᠡᠶ᠃ ᠣᠷᠴᠢᠨ ᠲᠣᠭᠤᠷᠢᠨ ᠤ ᠪᠠᠶᠢᠷᠢᠯᠠᠭᠤᠯᠤᠯᠲᠠ ᠨᠢ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠣᠨᠴᠣᠭᠤᠶ ᠴᠢᠨᠠᠷ ᠪᠣᠯᠤᠨ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠢ ᠭᠦᠢᠴᠡᠳ ᠪᠣᠳᠣᠯᠬᠢᠯᠠᠵᠤ᠂ ᠬᠥᠮᠦᠨᠴᠢ ᠴᠢᠨᠠᠷ ᠤᠨ ᠵᠢᠷᠤᠭ ᠲᠥᠯᠥᠪᠯᠡᠭᠡ ᠪᠣᠯᠤᠨ ᠬᠥᠮᠦᠨᠴᠢ ᠴᠢᠨᠠᠷ ᠤᠨ ᠬᠠᠶᠢᠷ᠎ᠠ ᠬᠠᠯᠠᠮᠵᠢ ᠶᠢ ᠬᠠᠷᠠᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠬᠤ ᠬᠡᠷᠡᠭᠲᠡᠶ᠃ ᠬᠠᠮᠢᠶᠠᠷᠤᠯᠲᠠ ᠶᠢᠨ ᠵᠢᠷᠤᠮᠵᠢᠯ ᠤᠨ ᠱᠠᠭᠠᠷᠳᠠᠯᠭ᠎ᠠ ᠠᠴᠠ ᠠᠪᠴᠤ ᠦᠵᠡᠪᠡᠯ᠂ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠠᠰᠤᠭ ᠨᠢ ᠲᠣᠭᠲᠠᠮᠠᠯ ᠬᠤᠭᠤᠴᠠᠭ᠎ᠠ ᠲᠠᠢ ᠪᠠᠷ ᠰᠤᠷᠤᠭᠴᠢᠳ ᠲᠤ ᠴᠢᠯᠥᠭᠡᠲᠡᠶ ᠨᠡᠭᠡᠭᠡᠵᠦ᠂ ᠲᠤᠰᠬᠠᠶ ᠪᠤᠶᠤ ᠲᠤᠰᠢᠶᠠᠯ ᠬᠠᠪᠰᠤᠷᠭᠠᠭᠰᠠᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢ ᠨᠠᠭᠠᠳᠤ ᠵᠠᠬ᠎ᠠ ᠳᠠᠭᠠᠨ ᠨᠢᠭᠡ ᠲᠤᠰᠬᠠᠶ ᠪᠤᠶᠤ ᠲᠤᠰᠢᠶᠠᠯ ᠬᠠᠪᠰᠤᠷᠭᠠᠭᠰᠠᠨ ᠪᠠᠭᠰᠢ ᠳᠣᠭᠢᠷᠠᠭᠤᠯᠵᠤ᠂ ᠲᠣᠰ ᠰᠤᠷᠭᠠᠭᠤᠯᠢ ᠶᠢᠨ ᠪᠠᠭᠰᠢ ᠰᠤᠷᠤᠭᠴᠢᠳ ᠲᠤ ᠰᠤᠶᠢᠤᠡᠭᠡᠯ ᠬᠤᠷᠢᠶᠠᠬᠤ ᠥᠬᠡᠶ ᠪᠠᠷ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠬᠠᠩᠭᠠᠨ᠎ᠠ᠃ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠠᠰᠤᠭ ᠨᠢ ᠰᠤᠷᠤᠭᠴᠢᠳ ᠲᠤ ᠦᠰᠦᠨ ᠪᠤᠶᠢᠵᠢᠬᠤ ᠮᠡᠳᠡᠭᠡ ᠵᠠᠩᠭᠢ ᠶᠢᠨ ᠲᠡᠮᠳᠡᠭᠯᠡᠯ ᠪᠠᠶᠢᠭᠤᠯᠵᠤ᠂ ᠬᠠᠪᠰᠤᠷᠤᠨ ᠵᠢᠯᠣᠭᠤᠳᠬᠤ ᠶᠣᠰᠣ ᠮᠣᠷᠠᠯ ᠢ ᠵᠢᠷᠤᠮᠯᠠᠨ᠂ ᠰᠡᠳᠬᠢᠴᠡ ᠶᠢᠨ ᠬᠢᠮᠤᠷᠠᠯ ᠢ ᠬᠠᠮᠢᠶᠠᠷᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠬᠠᠮᠢᠶ᠎ᠠ ᠪᠦᠬᠦᠢ ᠰᠡᠳᠬᠢᠴᠡ ᠶᠢᠨ ᠣᠨᠣᠰᠢᠯᠠᠨ ᠵᠠᠰᠠᠬᠤ ᠰᠠᠯᠠᠭ᠎ᠠ ᠮᠥᠴᠢᠷ ᠯᠦᠭᠡ ᠰᠠᠭᠠᠳ ᠦᠭᠡᠢ ᠪᠥᠭᠡᠳ ᠲᠦᠷᠭᠡᠨ ᠰᠢᠯᠵᠢᠭᠦᠯᠦᠨ ᠲᠠᠨᠢᠯᠴᠠᠭᠤᠯᠬᠤ ᠠᠷᠭ᠎ᠠ ᠵᠠᠮ ᠢ ᠪᠠᠶᠢᠭᠤᠯᠬᠤ ᠬᠡᠷᠡᠭᠲᠡᠶ᠃ ᠰᠤᠷᠭᠠᠭᠤᠯᠢ ᠨᠤᠭᠤᠳ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠶ ᠵᠠᠷᠤᠳᠠᠯ ᠪᠠᠶᠢᠭᠤᠯᠵᠤ᠂ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠠᠰᠤᠭ ᠤᠨ ᠠᠵᠢᠯ ᠤᠨ ᠬᠡᠪ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠶ ᠃      ᠠᠰᠠᠭᠤᠯᠲᠠ᠄ ᠰᠤᠷᠤᠭᠴᠢᠳ ᠤᠨ ᠠᠮᠤᠷ ᠲᠦᠪᠰᠢᠨ ᠤ ᠠᠰᠠᠭᠤᠳᠠᠯ ᠨᠢ ᠭᠡᠷ ᠤᠨ ᠠᠬᠠᠮᠠᠳ ᠨᠢᠭᠡᠪᠦᠷᠢ ᠶᠢᠨ ᠰᠡᠳᠬᠢᠯ ᠢ ᠲᠠᠲᠠᠵᠤ ᠪᠠᠶᠢᠨ᠎ᠠ᠃ ᠰᠤᠷᠤᠭᠴᠢᠳ ᠤᠨ ᠰᠤᠷᠭᠠᠭᠤᠯᠢ ᠳᠤ ᠣᠴᠢᠬᠤ ᠵᠠᠮ ᠪᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠣᠷᠴᠢᠨ ᠲᠣᠭᠤᠷᠢᠨ ᠤ ᠥᠭᠡᠷᠡᠴᠢᠯᠡᠯᠲᠡ ᠶᠢᠨ ᠲᠠᠯ᠎ᠠ ᠪᠠᠷ ᠶᠠᠮᠠᠷ ᠶᠠᠮᠠᠷ ᠱᠠᠭᠠᠷᠳᠠᠯᠭ᠎ᠠ ᠪᠠᠶᠢᠬᠤ ᠪᠤᠢ︖      ᠬᠠᠷᠢᠭᠤᠯᠲᠠ᠄ ᠨᠢᠭᠡ ᠳᠤ᠂ ᠰᠤᠷᠭᠠᠭᠤᠯᠢ ᠳᠤ ᠨᠡᠪᠲᠡᠷᠡᠬᠦ ᠵᠠᠮ ᠪᠠ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠡᠷᠭᠡ ᠨᠡᠪᠲᠡᠷᠡᠬᠦ ᠬᠡᠮᠵᠢᠶ᠎ᠡ ᠪᠠᠷ ᠶᠡᠭᠡ᠂ ᠵᠠᠮ ᠬᠠᠷᠢᠯᠴᠠᠭᠠᠨ ᠤ ᠪᠡᠯᠡᠳᠬᠡᠮᠵᠢ ᠦᠭᠡᠶ ᠬᠤᠲᠠ ᠶᠢᠨ ᠭᠤᠤᠯ ᠵᠠᠮ᠂ ᠠᠮᠤᠷ ᠲᠦᠪᠰᠢᠨ ᠢᠶᠠᠷ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠦᠭᠡᠶ ᠭᠤᠤᠯ ᠮᠥᠷᠡᠨ ᠵᠢᠴᠢ ᠤᠰᠤᠨ ᠣᠷᠣᠨ ᠳᠤ ᠰᠤᠷᠭᠠᠭᠤᠯᠢ ᠳᠤ ᠣᠷᠣᠬᠤ ᠠᠴᠠ ᠵᠠᠶᠢᠯᠠᠰᠬᠢᠬᠦ ᠬᠡᠷᠡᠭᠲᠡᠶ᠃ ᠬᠤᠶᠠᠷ ᠲᠤ᠂ ᠰᠤᠷᠭᠠᠭᠤᠯᠢ ᠶᠢᠨ ᠣᠷᠣᠵᠤ ᠭᠠᠷᠬᠤ ᠭᠠᠵᠠᠷ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠪᠡ᠃ ᠭᠤᠤᠯ ᠣᠷᠣᠵᠤ ᠭᠠᠷᠬᠤ ᠭᠠᠵᠠᠷ ᠤᠨ ᠣᠷᠣᠨ ᠪᠠᠶᠢᠷᠢ ᠨᠢ ᠬᠥᠮᠦᠨ ᠰᠢᠯᠵᠢᠵᠦ ᠶᠠᠪᠤᠬᠤ ᠳᠤ ᠠᠰᠢᠭᠲᠠᠶ ᠪᠠᠶᠢᠵᠤ᠂ ᠵᠠᠮ ᠬᠠᠷᠢᠯᠴᠠᠭᠠᠨ ᠤ ᠭᠤᠤᠯ ᠵᠠᠮ ᠢ ᠨᠢᠭᠲᠠ ᠲᠦᠰᠢᠭᠯᠡᠵᠦ ᠪᠣᠯᠬᠤ ᠦᠭᠡᠶ᠂ ᠨᠥᠬᠦᠴᠡᠯ ᠲᠠᠢ ᠰᠤᠷᠭᠠᠭᠤᠯᠢ ᠨᠢ ᠮᠠᠰᠢᠨᠲᠤ ᠲᠡᠷᠭᠡᠨ ᠤ ᠲᠤᠰᠬᠠᠶ ᠬᠡᠷᠡᠭᠯᠡᠬᠦ ᠣᠷᠣᠵᠤ ᠭᠠᠷᠬᠤ ᠭᠠᠵᠠᠷ ᠲᠣᠬᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠭᠠᠳᠠᠨ᠎ᠠ ᠲᠠᠯ᠎ᠠ ᠳᠤ ᠨᠠᠮᠬᠠᠳᠬᠠᠬᠤ ᠭᠠᠵᠠᠷ ᠦᠯᠡᠳᠡᠭᠡᠬᠦ ᠶᠢᠨ ᠬᠠᠮᠲᠤ ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠬᠤ ᠬᠡᠷᠡᠭᠲᠡᠶ᠃ ᠭᠤᠷᠪᠠ ᠳᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠲᠥᠬᠦᠭᠡᠷᠦᠮᠵᠢ ᠶᠢ ᠲᠡᠭᠦᠯᠳᠡᠷᠵᠢᠭᠦᠯᠪᠡ᠃ ᠰᠤᠷᠭᠠᠭᠤᠯᠢ ᠶᠢᠨ ᠡᠭᠦᠳᠡᠨ ᠡᠮᠦᠨ᠎ᠡ ᠵᠢᠴᠢ ᠡᠷᠭᠢᠨ ᠲᠣᠭᠤᠷᠢᠨ ᠤ ᠵᠠᠮ ᠳᠤ ᠰᠡᠷᠡᠮᠵᠢᠯᠡᠭᠦᠯᠬᠦ᠂ ᠬᠤᠷᠳᠤᠴᠠ ᠶᠢ ᠬᠢᠵᠠᠭᠠᠷᠯᠠᠬᠤ᠂ ᠳᠤᠤᠭᠠᠷᠭᠠᠬᠤ ᠶᠢ ᠴᠠᠭᠠᠵᠠᠯᠠᠬᠤ᠂ ᠶᠠᠪᠤᠬᠤ ᠶᠢ ᠵᠣᠭᠰᠣᠭᠠᠬᠤ ᠵᠡᠷᠭᠡ ᠵᠠᠮ ᠬᠠᠷᠢᠯᠴᠠᠭᠠᠨ ᠤ ᠲᠡᠮᠳᠡᠭ᠂ ᠵᠢᠷᠤᠭᠠᠰᠤ ᠲᠣᠬᠢᠷᠠᠭᠤᠯᠵᠤ᠂ ᠬᠥᠮᠦᠨ ᠶᠠᠪᠤᠬᠤ ᠬᠥᠨᠳᠡᠯᠡᠨ ᠤᠲᠠᠰᠤ ᠶᠢ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠵᠠᠮ ᠬᠠᠷᠢᠯᠴᠠᠭᠠᠨ ᠤ ᠳᠣᠬᠢᠶᠠᠨ ᠳ᠋ᠧᠩ᠂ ᠬᠤᠷᠳᠤᠴᠠ ᠪᠠᠭᠤᠷᠠᠭᠤᠯᠬᠤ ᠪᠦᠰᠡ᠂ ᠵᠡᠭᠡᠯᠢ ᠥᠩᠭᠡᠷᠡᠬᠦ ᠬᠥᠭᠦᠷᠭᠡ᠂ ᠬᠢᠨᠠᠨ ᠡᠵᠡᠮᠳᠡᠬᠦ ᠲᠣᠨᠤᠭ ᠲᠥᠬᠦᠭᠡᠷᠦᠮᠵᠢ ᠵᠡᠷᠭᠡ ᠪᠡᠯᠡᠳᠬᠡᠮᠵᠢ ᠪᠠᠶᠢᠷᠢᠯᠠᠭᠤᠯᠬᠤ ᠬᠡᠷᠡᠭᠲᠡᠶ᠃ ᠲᠦᠷᠪᠡ ᠳᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠪᠠ᠃ ︽ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾᠎ ᠶᠢᠨ ᠲᠣᠭᠲᠠᠴᠠ ᠶᠢ ᠪᠦᠷᠢᠨᠰᠢᠭᠦᠯᠵᠦ᠂ ︽ᠣᠷᠭᠢᠯ ᠤᠨ ᠦᠢᠯᠡᠴᠢᠯᠡᠭᠡ︾᠎ ᠶᠢᠨ ᠳᠦᠷᠢᠮ ᠢ ᠨᠠᠶᠢᠳᠠᠪᠤᠷᠢᠵᠢᠭᠤᠯᠤᠨ᠂ ᠵᠠᠮ ᠬᠠᠷᠢᠯᠴᠠᠭ᠎ᠠ ᠲᠦᠭᠵᠢᠷᠡᠬᠦ ᠪᠤᠶᠤ ᠵᠠᠮ ᠬᠠᠷᠢᠯᠴᠠᠭ᠎ᠠ ᠪᠤᠳᠤᠯᠢᠶᠠᠨᠲᠠᠢ ᠵᠠᠮ ᠤᠨ ᠬᠡᠰᠡᠭ ᠲᠤ ᠪᠠᠶᠢᠷᠢᠯᠠᠵᠤ ᠪᠠᠶᠢᠭ᠎ᠠ ᠰᠤᠷᠭᠠᠭᠤᠯᠢ ᠶᠢᠨ ᠡᠷᠬᠢᠨ ᠲᠣᠭᠤᠷᠢᠨ ᠳᠤ ᠵᠠᠮ ᠬᠠᠷᠢᠯᠴᠠᠭᠠᠨ ᠤ ᠡᠮᠬᠢ ᠲᠢᠭᠯᠢᠮ ᠢ ᠬᠠᠮᠠᠭᠠᠯᠠᠬᠤ ᠪᠠ ᠬᠠᠤᠯᠢ ᠬᠡᠷᠡᠭᠵᠢᠭᠦᠯᠵᠦ ᠰᠢᠳᠬᠡᠨ ᠲᠣᠷᠭᠠᠬᠤ ᠡᠷᠴᠢᠮ ᠢ ᠴᠢᠩᠭᠠᠷᠠᠭᠤᠯᠤᠨ᠎ᠠ᠃      ᠠᠰᠠᠭᠤᠯᠲᠠ᠄ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠠᠲᠤᠯᠠᠭ᠎ᠠ ᠪᠠ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠶᠢ ᠬᠡᠷᠬᠢᠨ ᠴᠢᠩᠭᠠᠳᠬᠠᠬᠤ ᠪᠣᠢ︖      ᠬᠠᠷᠢᠭᠤᠯᠲᠠ᠄ ᠡᠩ ᠲᠡᠷᠢᠭᠦᠨ ᠳᠤ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠶᠢ ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠢ ᠬᠡᠦᠬᠡᠳ᠂ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠤᠬᠡᠳ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠡᠬᠡ ᠲᠠᠩᠰᠠ ᠪᠠᠶᠢᠭᠤᠯᠤᠨ᠂ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠤ᠂ ᠣᠨᠣᠪᠴᠢᠲᠠᠶ ᠡᠵᠡᠮᠰᠢᠬᠦ ᠬᠡᠷᠡᠭᠲᠡᠶ᠃ ᠰᠤᠷᠤᠯᠭ᠎ᠠ ᠪᠠᠨ ᠳᠣᠷᠭᠤᠨ ᠵᠣᠭᠰᠣᠭᠰᠠᠨ ᠪᠤᠶᠤ ᠰᠤᠷᠤᠯᠭ᠎ᠠ ᠪᠠᠨ ᠳᠣᠷᠭᠤᠨ ᠵᠣᠭᠰᠣᠭᠠᠭᠰᠠᠨ ᠪᠠᠶᠢᠪᠠᠯ᠂ ᠪᠥᠬᠦ ᠤᠯᠤᠰ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠨᠢ ᠪᠠᠲᠤᠯᠠᠬᠤ ᠠᠵᠢᠯ ᠤᠨ ᠡᠬᠡ ᠲᠠᠩᠰᠠ ᠶᠢᠨ ᠬᠠᠮᠢᠶᠠᠷᠤᠯᠲᠠ ᠳᠤ ᠣᠷᠣᠭᠤᠯᠵᠤ᠂ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠤᠯᠭ᠎ᠠ ᠪᠠᠨ ᠰᠡᠷᠭᠦᠭᠡᠬᠦ ᠪᠠᠷ ᠢᠳᠬᠠᠬᠤ ᠠᠵᠢᠯ ᠢ ᠰᠠᠶᠢᠲᠤᠷ ᠬᠢᠨ᠎ᠡ᠃ ᠳᠠᠷᠠᠭ᠎ᠠ ᠨᠢ ᠰᠤᠷᠬᠠᠨ ᠬᠥᠮᠦᠵᠢᠯ ᠤᠨ ᠨᠥᠬᠦᠴᠡᠯ ᠢ ᠰᠠᠶᠢᠵᠢᠷᠠᠬᠤᠯᠬᠤ ᠬᠡᠷᠡᠭᠲᠡᠶ᠃ ᠡᠳᠡᠭᠡᠷ ᠬᠡᠦᠬᠡᠳ ᠤᠨ ᠬᠡᠷᠡᠭᠰᠡᠬᠦ ᠰᠤᠷᠭᠠᠨ ᠬᠥᠮᠦᠵᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠡᠩ ᠲᠡᠷᠢᠭᠦᠨ ᠳᠤ ᠬᠠᠩᠭᠠᠵᠤ᠂ ᠰᠤᠷᠭᠠᠨ ᠬᠥᠮᠦᠵᠢᠯ ᠤᠨ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠡᠳᠡᠨ ᠤ ᠬᠤᠨᠣᠵᠤ ᠬᠡᠪᠲᠡᠬᠦ᠂ ᠵᠠᠮ ᠬᠠᠷᠢᠯᠴᠠᠭ᠎ᠠ᠂ ᠰᠢᠮ᠎ᠡ ᠲᠡᠵᠢᠭᠡᠯ ᠤᠨ ᠬᠡᠷᠡᠭᠴᠡᠭᠡ ᠶᠢ ᠡᠩ ᠲᠡᠷᠢᠭᠦᠨ ᠳᠤ ᠪᠠᠲᠤᠯᠠᠬᠤ ᠬᠡᠷᠡᠭᠲᠡᠶ᠃ ᠬᠠᠮᠤᠭ ᠰᠡᠭᠦᠯ ᠳᠤ ᠬᠥᠮᠦᠨ ᠰᠣᠶᠣᠯ ᠤᠨ ᠬᠠᠯᠠᠮᠵᠢᠯᠠᠯ ᠢ ᠴᠢᠩᠬᠠᠳᠬᠠᠬᠤ ᠬᠡᠷᠡᠭᠲᠡᠶ᠃ ᠡᠳᠡᠭᠡᠷ ᠬᠡᠦᠬᠡᠳ ᠢ ᠬᠠᠯᠠᠮᠵᠢᠯᠠᠨ ᠬᠠᠶᠢᠷᠠᠯᠠᠬᠤ ᠬᠥᠮᠦᠵᠢᠯ ᠢ ᠪᠠᠭᠰᠢ ᠶᠢᠨ ᠪᠣᠯᠪᠠᠰᠤᠷᠠᠭᠤᠯᠤᠯ ᠤᠨ ᠠᠭᠤᠯᠭ᠎ᠠ ᠳᠤ ᠣᠷᠣᠭᠤᠯᠵᠤ᠂ ᠠᠩᠭᠢ ᠶᠢᠨ ᠡᠷᠬᠢᠯᠡᠭᠴᠢ ᠶᠢᠨ ᠬᠠᠷᠠᠭᠠᠯᠵᠠᠬᠤ ᠴᠢᠳᠠᠪᠤᠷᠢ ᠶᠢ ᠭᠤᠤᠯᠳᠠᠯᠭ᠎ᠠ ᠲᠠᠢ ᠳᠡᠭᠡᠭᠰᠢᠯᠡᠭᠦᠯᠦᠨ᠎ᠡ᠃ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠪᠠ ᠬᠠᠤᠯᠢ ᠪᠠᠷ ᠵᠠᠰᠠᠬᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠎ᠠ᠃ ᠪᠠᠭᠰᠢ ᠶᠢᠨ ︽ᠨᠢᠭᠡ ᠳᠤ ᠨᠢᠭᠡ︾᠎ ᠶᠢᠨ ᠬᠠᠪᠰᠤᠷᠤᠨ ᠲᠡᠳᠬᠦᠬᠦ ᠲᠦᠷᠢᠮ ᠢ ᠪᠠᠶᠢᠭᠤᠯᠵᠤ᠂ ᠰᠤᠷᠭᠠᠭᠤᠯᠢ ᠶᠢᠨ ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠣᠯᠭ᠎ᠠ ᠪᠠ ᠬᠡᠷ ᠪᠦᠯᠢ ᠪᠠ ᠰᠤᠷᠭᠠᠭᠤᠯᠢ ᠶᠢᠨ ᠨᠡᠪᠲᠡᠷᠡᠯᠴᠡᠭᠡ ᠶᠢ ᠴᠢᠩᠭᠠᠳᠬᠠᠨ᠎ᠠ ᠃      ᠠᠰᠠᠭᠤᠯᠲᠠ᠄ ᠰᠤᠷᠤᠯᠴᠠᠭ᠎ᠠ ᠬᠦᠴᠢᠷᠳᠡᠯᠲᠡᠶ ᠰᠤᠷᠤᠭᠴᠢᠳ ᠢ ᠬᠡᠷᠬᠢᠨ ᠴᠠᠭ ᠲᠤᠬᠠᠶ ᠳᠤᠨᠢ ᠰᠢᠨᠵᠢᠯᠡᠬᠦ ᠤᠬᠠᠭᠠᠨᠴᠢ ᠪᠠᠷ ᠬᠠᠪᠰᠤᠷᠤᠨ ᠲᠡᠳᠬᠦᠬᠦ ᠪᠣᠶ︖      ᠬᠠᠷᠢᠭᠤᠯᠲᠠ᠄ ᠨᠢᠭᠡ ᠳᠤ᠂ ᠬᠠᠪᠰᠤᠷᠤᠨ ᠲᠡᠳᠬᠦᠬᠦ ᠡᠲᠡᠭᠡᠳ ᠢ ᠣᠨᠣᠪᠴᠢᠲᠠᠢ ᠢᠯᠭᠠᠨ ᠲᠠᠨᠢᠬᠤ ᠬᠡᠷᠡᠭᠲᠡᠢ᠃ ᠰᠤᠷᠭᠠᠭᠤᠯᠢ ᠨᠤᠭᠤᠳ ᠰᠤᠷᠤᠭᠴᠢᠳ ᠤᠨ ᠰᠤᠷᠤᠯᠭ᠎ᠠ ᠶᠢᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠰᠤᠷᠤᠯᠭ᠎ᠠ ᠶᠢᠨ ᠢᠯᠡᠷᠡᠯ ᠨᠢ ᠪᠠᠭᠤᠷᠠᠵᠤ ᠪᠠᠶᠢᠭ᠎ᠠ ᠬᠦᠨᠳᠦ ᠨᠣᠴᠢᠲᠠᠶ ᠪᠤᠶᠤ ᠰᠡᠷᠭᠡᠶᠢᠯᠡᠯᠲᠡ ᠶᠢᠨ ᠱᠤᠭᠤᠮ ᠤᠨ ᠬᠥᠪᠡᠭᠡᠨ ᠳᠤ ᠪᠠᠶᠢᠭ᠎ᠠ ᠰᠤᠷᠤᠭᠴᠢᠳ ᠢ ᠴᠠᠭ ᠲᠤᠬᠠᠶ ᠳᠤᠨᠢ ᠢᠯᠭᠠᠨ ᠲᠠᠨᠢᠵᠤ᠂ ᠪᠠᠭᠰᠢ ᠨᠠᠷ ᠡᠳᠦᠷ ᠲᠤᠲᠤᠮ ᠤᠨ ᠰᠤᠷᠤᠯᠭ᠎ᠠ ᠶᠢᠨ ᠪᠠᠶᠢᠳᠠᠯ ᠤᠨ ᠵᠠᠳᠠᠯᠤᠯᠲᠠ ᠶᠢ ᠴᠢᠬᠤᠯᠠᠴᠢᠯᠠᠨ᠂ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ᠨᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ ᠪᠣᠯᠤᠨ᠎ᠠ᠃ ᠬᠤᠶᠠᠷ ᠲᠤ᠂ ᠪᠣᠰᠤᠭ᠎ᠠ ᠴᠣᠭᠴᠠᠲᠤ ᠬᠠᠪᠰᠤᠷᠤᠨ ᠲᠡᠳᠬᠦᠬᠦ ᠰᠢᠰᠲ᠋ᠧᠮ ᠢ ᠪᠠᠶᠢᠭᠤᠯᠤᠨ᠎ᠠ᠃ ᠰᠤᠷᠭᠠᠭᠤᠯᠢ ᠶᠢᠨ ᠲᠠᠰ ᠳᠠᠪᠬᠤᠷᠭ᠎ᠠ ᠳᠤ ᠣᠨ ᠢᠶᠠᠷ ᠨᠢᠭᠡᠴᠢ ᠪᠣᠯᠭᠠᠭᠰᠠᠨ ᠬᠠᠮᠲᠤ ᠪᠠᠷ ᠬᠠᠪᠰᠤᠷᠤᠨ ᠲᠡᠳᠬᠦᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠵᠡᠷᠭᠡ ᠴᠠᠭ ᠬᠤᠭᠤᠴᠠᠭ᠎ᠠ ᠶᠢ ᠠᠰᠢᠭᠯᠠᠨ᠂ ᠰᠤᠷᠤᠯᠴᠠᠯᠭ᠎ᠠ ᠳᠤ ᠬᠦᠴᠢᠷᠳᠡᠯᠲᠡᠶ ᠰᠤᠷᠤᠭᠴᠢᠳ ᠲᠤ ᠲᠤᠰᠬᠠᠶ ᠬᠠᠪᠰᠤᠷᠤᠨ ᠵᠢᠯᠣᠭᠤᠳᠴᠤ ᠮᠠᠳᠠᠭ ᠲᠠᠢ ᠠᠰᠠᠭᠤᠳᠠᠯ ᠢ ᠬᠠᠷᠢᠭᠤᠯᠬᠤ ᠶᠢᠨ ᠬᠠᠮᠲᠤ ᠰᠤᠷᠤᠯᠴᠠᠬᠤ ᠣᠪᠣᠷ᠂ ᠠᠷᠭ᠎ᠠ᠂ ᠳᠠᠳᠬᠠᠯ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠵᠢᠯᠣᠭᠤᠳᠣᠯᠭ᠎ᠠ ᠶᠢ ᠴᠢᠩᠭᠠᠳᠬᠠᠵᠤ ᠪᠣᠯᠤᠨ᠎ᠠ᠃ ᠵᠢᠭᠠᠨ ᠰᠤᠳᠤᠯᠬᠤ ᠳᠤᠭᠤᠶᠢᠯᠠᠩ ᠤᠨ ᠳᠡᠰ ᠳᠠᠪᠬᠤᠷᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠶᠠᠷᠢᠯᠴᠠᠵᠤ ᠰᠣᠯᠢᠯᠴᠠᠵᠤ᠂ ᠰᠤᠷᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠦᠷ᠎ᠡ ᠪᠦᠲᠦᠮᠵᠢ ᠬᠢᠭᠡᠳ ᠰᠤᠷᠤᠭᠴᠢᠳ ᠤᠨ ᠬᠠᠷᠢᠭᠤ ᠲᠤᠰᠬᠠᠯ ᠢ ᠦᠨᠳᠦᠰᠦᠯᠡᠨ᠂ ᠬᠠᠪᠰᠤᠷᠤᠨ ᠲᠡᠳᠬᠦᠭᠰᠡᠨ ᠰᠢᠯᠢᠳᠡᠭ ᠲᠤᠷᠰᠢᠯᠭ᠎ᠠ᠂ ᠬᠠᠪᠰᠤᠷᠤᠨ ᠵᠢᠯᠣᠭᠤᠳᠬᠤ ᠲᠥᠰᠦᠯ ᠪᠣᠯᠤᠨ ᠲᠥᠯᠥᠪᠯᠡᠭᠡ ᠶᠢ ᠲᠠᠰᠤᠷᠠᠯᠲᠠ ᠤᠢᠭᠡᠢ ᠳ᠋ᠦᠩᠨᠡᠨ᠎ᠡ᠃ ᠠᠩᠭᠢ ᠶᠢᠨ ᠳᠠᠪᠬᠤᠷᠭ᠎ᠠ ᠳᠤ᠂ ᠬᠢᠴᠢᠶᠡᠯ ᠤᠨ ᠳᠣᠲᠣᠷᠠᠬᠢ ᠬᠢᠴᠢᠶᠡᠯ ᠤᠨ ᠭᠠᠳᠠᠨᠠᠬᠢ ᠡᠬᠢᠯᠡᠯᠲᠡ ᠶᠢᠨ ᠴᠡᠭ ᠤᠨ ᠵᠢᠭᠠᠨ ᠰᠤᠷᠭᠠᠯᠲᠠ᠂ ᠬᠠᠷᠠᠴᠠ ᠪᠠ  ᠤᠶᠢᠯᠡ ᠠᠵᠢᠯᠯᠠᠭ᠎ᠠ ᠶᠢᠨ ᠠᠩᠬᠠᠷᠤᠯ᠂ ᠵᠣᠷᠢᠭᠵᠢᠭᠤᠯᠤᠯ ᠰᠠᠶᠢᠰᠢᠶᠠᠯ ᠵᠢᠴᠢ ᠬᠢᠴᠢᠶᠡᠯ ᠤᠨ ᠭᠠᠳᠠᠨᠠᠬᠢ ᠳᠤᠭᠤᠶᠢᠯᠠᠩ ᠤᠨ ᠬᠠᠪᠰᠤᠷᠤᠨ ᠲᠡᠳᠬᠦᠬᠦ᠂ ᠪᠠᠭᠰᠢ ᠲᠤᠰᠠᠭᠠᠷ ᠬᠠᠪᠰᠤᠷᠤᠨ ᠵᠢᠯᠣᠭᠤᠳᠬᠤ᠂ ᠬᠡᠷ ᠪᠦᠯᠢ ᠪᠠ ᠰᠤᠷᠭᠠᠭᠤᠯᠢ ᠶᠢᠨ ᠨᠢᠭᠲᠠ ᠬᠤᠯᠪᠣᠭ᠎ᠠ ᠵᠡᠷᠭᠡ ᠠᠷᠭ᠎ᠠ ᠶᠢ ᠬᠠᠮᠲᠤᠷᠠᠨ ᠬᠡᠷᠡᠭᠯᠡᠵᠦ ᠪᠠᠶᠢᠭᠠᠳ ᠰᠤᠷᠤᠯᠭ᠎ᠠ ᠳᠠᠭᠠᠨ ᠬᠦᠴᠢᠷᠲᠡᠶ ᠰᠤᠷᠤᠭᠴᠢᠳ ᠢ ᠬᠠᠪᠰᠤᠷᠤᠨ ᠲᠡᠳᠬᠦᠵᠦ ᠪᠣᠯᠤᠨ᠎ᠠ ᠃ ᠭᠤᠷᠪᠠ ᠳᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠰᠤᠷᠭᠠᠭᠤᠯᠢ ᠨᠢ ᠰᠤᠷᠤᠯᠭ᠎ᠠ ᠶᠢᠨ ᠬᠠᠪᠰᠤᠷᠤᠨ ᠲᠡᠳᠬᠦᠭᠰᠡᠨ ᠦᠷ᠎ᠡ ᠳ᠋ᠦᠩ ᠢ ᠦᠨᠡᠯᠡᠬᠦ ᠲᠣᠭᠲᠠᠴᠠ ᠶᠢ ᠪᠠᠶᠢᠭᠤᠯᠵᠤ᠂ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠪᠠᠷ ᠢᠯᠡᠷᠬᠡᠶ ᠪᠤᠰᠤ ᠪᠠᠶᠢᠪᠠᠯ ᠰᠢᠯᠲᠠᠭᠠᠨ ᠢ ᠨᠢ ᠡᠷᠢᠬᠦ ᠬᠡᠷᠡᠭᠲᠡᠶ᠃ ᠪᠦᠲᠦᠮᠵᠢᠲᠡᠶ ᠤᠷᠮᠠᠰᠢᠭᠤᠯᠬᠤ ᠠᠷᠭ᠎ᠠ ᠬᠡᠮᠵᠢᠶ᠎ᠡ ᠪᠠᠶᠢᠭᠤᠯᠵᠤ᠂ ᠰᠤᠷᠤᠯᠭ᠎ᠠ ᠨᠢ ᠢᠯᠡᠷᠬᠡᠶ ᠬᠦᠴᠢᠷᠳᠡᠯᠲᠡᠶ ᠰᠤᠷᠤᠭᠴᠢᠳ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠷᠠᠭᠤᠯᠤᠨ ᠰᠠᠶᠢᠰᠢᠶᠠᠵᠤ᠂ ᠱᠠᠩᠨᠠᠯ ᠤᠨ ᠪᠢᠴᠢᠭ ᠣᠯᠭᠤᠵᠤ ᠵᠣᠷᠢᠭᠵᠢᠭᠤᠯᠤᠨ᠎ᠠ︔ ᠪᠠᠭᠰᠢ ᠠᠵᠢᠯᠲᠠᠨ ᠠᠵᠢᠯᠴᠢᠨ ᠤ ᠰᠤᠷᠤᠯᠴᠠᠯᠭ᠎ᠠ ᠳᠤ ᠣᠷᠣᠯᠴᠠᠭᠰᠠᠨ ᠬᠦᠴᠢᠷᠳᠡᠯᠲᠡᠶ ᠰᠤᠷᠤᠭᠴᠢᠳ ᠢ ᠬᠠᠪᠰᠤᠷᠤᠨ ᠲᠡᠳᠬᠦᠬᠦ ᠠᠵᠢᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠪᠠᠷ ᠲᠣᠪᠤᠶᠢᠮ᠎ᠠ ᠬᠥᠮᠦᠰ ᠢ ᠮᠡᠷᠭᠡᠵᠢᠯ ᠤᠨ ᠴᠣᠯᠠ ᠲᠣᠭᠲᠠᠭᠠᠵᠤ ᠤᠷᠢᠬᠤ᠂ ᠰᠢᠯᠢᠳᠡᠭ ᠢ ᠰᠢᠯᠭᠠᠷᠠᠭᠤᠯᠤᠨ ᠲᠡᠷᠢᠭᠦᠨ ᠤ ᠬᠢ ᠶᠢ ᠰᠢᠯᠭᠠᠷᠠᠭᠤᠯᠬᠤ ᠳᠤᠮᠳᠠ ᠤᠷᠢᠳᠠᠪᠠᠷ ᠪᠣᠳᠣᠯᠬᠢᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠪᠥᠬᠦ ᠰᠤᠷᠤᠭᠴᠢ᠂ ᠪᠥᠬᠦ ᠶᠠᠪᠤᠴᠠ ᠶᠢᠨ᠂ ᠦᠷᠭᠦᠯᠵᠢᠯᠡᠬᠦ ᠴᠢᠨᠠᠷ ᠲᠤ ᠬᠠᠨᠳᠤᠭᠤᠯᠤᠭᠰᠠᠨ ᠤᠷᠮᠠᠰᠢᠭᠤᠯᠬᠤ ᠰᠢᠰᠲ᠋ᠧᠮ ᠢ ᠪᠠᠶᠢᠭᠤᠯᠵᠤ᠂ ᠰᠤᠷᠤᠭᠴᠢᠳ ᠤᠨ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠬᠦ᠂ ᠬᠠᠮᠲᠤ ᠪᠠᠷ ᠳᠠᠪᠰᠢᠬᠤ ᠶᠢ ᠵᠣᠷᠢᠭᠵᠢᠭᠤᠯᠬᠤ ᠬᠡᠷᠡᠭᠲᠡᠶ᠃ ᠰᠤᠷᠭᠠᠭᠤᠯᠢ ᠶᠢᠨ ᠰᠤᠷᠤᠯᠴᠠᠬᠤ ᠪᠠᠷ ᠬᠦᠴᠢᠷᠳᠡᠯᠲᠡᠶ ᠰᠤᠷᠤᠭᠴᠢᠳ ᠢ ᠬᠤᠪᠢᠷᠠᠭᠤᠯᠤᠨ ᠰᠤᠳᠤᠯᠬᠤ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠰᠤᠷᠤᠯᠴᠠᠬᠤ ᠳᠤ ᠬᠦᠴᠢᠷᠲᠡᠶ ᠰᠤᠷᠤᠭᠴᠢᠳ ᠢ ᠢᠯᠭᠠᠨ ᠲᠠᠨᠢᠬᠤ᠂ ᠬᠤᠯᠪᠣᠭᠳᠠᠯ ᠪᠦᠬᠦᠢ ᠭᠤᠤᠯ ᠰᠡᠳᠦᠪᠲᠦ ᠪᠠᠭᠰᠢ ᠶᠢᠨ ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠬᠦ ᠬᠡᠷᠡᠭᠲᠡᠶ᠃      ᠶᠡᠭᠡ ᠳᠡᠭᠡᠳᠦ ᠰᠤᠷᠭᠠᠭᠤᠯᠢ ᠲᠡᠭᠦᠰᠦᠭᠴᠢᠳ ᠤᠨ ᠶᠠᠮᠠᠷ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠪᠠᠶᠢᠬᠤ ᠪᠤᠢ︖      ᠠᠰᠠᠭᠤᠯᠲᠠ᠄ ︽ᠰᠠᠨᠠᠯ︾᠎ ᠳᠤ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ ᠭᠡᠵᠦ ᠲᠣᠳᠣᠷᠬᠠᠶᠢᠯᠠᠪᠠ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ ᠲᠡᠭᠦᠰᠦᠭᠰᠡᠳ ᠢ ᠳᠠᠩᠰᠠᠯᠠᠬᠤ ᠠᠵᠢᠯ ᠢ ᠬᠡᠷᠬᠢᠨ ᠥᠷᠨᠢᠭᠦᠯᠬᠦ ᠪᠤᠢ︖      ᠬᠠᠷᠢᠭᠤᠯᠲᠠ᠄ 2023 ᠣᠨ ᠤ 6 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ ᠲᠡᠭᠦᠰᠦᠭᠰᠡᠳ ᠢ ᠳᠠᠩᠰᠠᠯᠠᠬᠤ ᠲᠦᠷᠢᠮ ᠢ ᠪᠠᠶᠢᠭᠤᠯᠬᠤ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠡᠭᠦᠰᠬᠦ ᠵᠠᠮ ᠢ ᠳᠠᠩᠰᠠᠯᠠᠬᠤ ᠲᠦᠷᠢᠮ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ ᠠᠴᠠ ᠰᠠᠯᠬᠤ ᠭᠠᠷ ᠭᠦᠢᠴᠡᠳᠬᠡᠯ ᠬᠢᠬᠦ ᠶᠢᠨ ᠴᠢᠬᠤᠯᠠ ᠭᠤᠭᠴᠤᠭ᠎ᠠ ᠪᠣᠯᠭᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ ᠰᠤᠷᠭᠠᠭᠤᠯᠢ ᠠᠴᠠ ᠪᠠᠨ ᠰᠠᠯᠬᠤ ᠠᠴᠠ ᠡᠮᠦᠨ᠎ᠡ᠂ ᠳᠡᠭᠡᠳᠦ ᠰᠤᠷᠭᠠᠭᠤᠯᠢ ᠨᠤᠭᠤᠳ ᠲᠤᠰ ᠰᠤᠷᠭᠠᠭᠤᠯᠢ ᠠᠴᠠ ᠪᠠᠨ ᠲᠡᠭᠦᠰᠦᠭᠰᠡᠳ ︵ᠰᠤᠷᠤᠯᠭ᠎ᠠ ᠲᠡᠭᠦᠰᠦᠭᠰᠡᠨ ᠰᠤᠷᠤᠭᠴᠢ ᠪᠠᠭᠲᠠᠨ᠎ᠠ︶᠎ ᠢ ᠵᠢᠯᠣᠭᠤᠳᠴᠤ ᠪᠠᠶᠢᠭᠠᠳ ᠳᠠᠩᠰᠠᠯᠠᠬᠤ ᠰᠢᠰᠲ᠋ᠧᠮ ᠢᠶᠠᠨ ᠡᠵᠡᠨ ᠮᠡᠳᠡᠨ ᠬᠤᠪᠢ ᠬᠥᠮᠦᠨ ᠤ ᠰᠤᠷᠭᠠᠭᠤᠯᠢ ᠲᠡᠭᠦᠰᠦᠭᠰᠡᠳ ᠤᠨ ᠶᠠᠪᠤᠭᠤᠯᠤᠭᠰᠠᠨ ᠮᠡᠳᠡᠭᠡ ᠵᠠᠩᠭᠢ ᠶᠢ ᠴᠠᠭ ᠲᠤᠬᠠᠶ ᠳᠤᠨᠢ ᠳᠠᠩᠰᠠᠯᠠᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠨᠤᠭᠤᠳ ᠪᠣᠭᠤᠮᠲᠠ ᠶᠢ ᠰᠠᠬᠢᠵᠤ ᠳᠠᠩᠰᠠᠯᠠᠭᠰᠠᠨ ᠮᠡᠳᠡᠭᠡ ᠵᠠᠩᠭᠢ ᠪᠠᠨ ᠴᠢᠩᠭ᠎ᠠ ᠬᠢᠨᠠᠨ ᠬᠠᠷᠭᠤᠭᠤᠯᠵᠤ᠂ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠤᠷᠭᠠᠭᠤᠯᠢ ᠠᠴᠠ ᠪᠠᠨ ᠰᠠᠯᠬᠤ ᠦᠶ᠎ᠡ ᠳᠤ᠂ ᠳᠡᠭᠡᠳᠦ ᠰᠤᠷᠭᠠᠭᠤᠯᠢ ᠨᠤᠭᠤᠳ ᠲᠡᠭᠦᠰᠦᠭᠰᠡᠳ ᠢ ᠵᠢᠯᠣᠭᠤᠳᠴᠤ ᠪᠠᠶᠢᠭᠠᠳ ᠪᠦᠬᠦ ᠤᠯᠤᠰ ᠤᠨ ᠳᠠᠩᠰᠠᠯᠠᠬᠤ ᠰᠢᠰᠲ᠋ᠧᠮ ᠢ ᠨᠢᠭᠡᠳᠦᠯᠲᠡᠶ ᠬᠡᠷᠡᠭᠯᠡᠭᠦᠯᠦᠨ ᠰᠤᠷᠭᠠᠭᠤᠯᠢ ᠲᠡᠭᠦᠰᠦᠭᠰᠡᠨ ᠮᠡᠳᠡᠭᠡ ᠵᠠᠩᠭᠢ ᠶᠢ ᠨᠤᠲᠠᠯᠠᠨ ᠲᠣᠭᠲᠠᠭᠠᠯᠭᠠᠬᠤ ᠬᠡᠷᠡᠭᠲᠡᠶ᠃ ᠨᠤᠲᠠᠯᠠᠨ ᠲᠣᠭᠲᠠᠭᠠᠬᠤ ᠦᠶᠡᠰ ᠰᠤᠷᠭᠠᠭᠤᠯᠢ ᠲᠡᠭᠦᠰᠦᠭᠰᠡᠨ ᠤ ᠣᠴᠢᠬᠤ᠂ ᠳᠠᠩᠰᠠ ᠡᠪᠬᠡᠮᠡᠯ ᠰᠢᠯᠵᠢᠭᠦᠯᠬᠦ᠂ ᠡᠷᠦᠬᠡ ᠠᠮᠠ ᠰᠢᠯᠵᠢᠭᠦᠯᠬᠦ ᠵᠡᠷᠭᠡ ᠮᠡᠳᠡᠭᠡ ᠵᠠᠩᠭᠢ ᠨᠢ ᠨᠡᠩ ᠬᠤᠪᠢᠷᠬᠠᠰᠠᠨ ᠪᠠᠶᠢᠪᠠᠯ᠂ ᠡᠷᠬᠡᠪᠰᠢ ᠤᠤᠯ ᠤᠨ ᠳᠠᠩᠰᠠᠯᠠᠨ ᠲᠡᠮᠳᠡᠭᠯᠡᠬᠦ ᠰᠢᠰᠲ᠋ᠧᠮ ︵ᠪᠦᠬᠦ ᠤᠯᠤᠰ ᠤᠨ ᠳᠠᠩᠰᠠᠯᠠᠨ ᠲᠡᠮᠳᠡᠭᠯᠡᠬᠦ ᠰᠢᠰᠲ᠋ᠧᠮ ᠪᠤᠶᠤ ᠮᠤᠵᠢ ᠶᠢᠨ ᠱᠠᠲᠤᠨ ᠤ ᠳᠠᠩᠰᠠᠯᠠᠨ ᠲᠡᠮᠳᠡᠭᠯᠡᠬᠦ ᠰᠢᠰᠲ᠋ᠧᠮ︶᠎ ᠲᠤ ᠰᠢᠨᠡᠳᠬᠡᠵᠦ᠂ ᠰᠢᠨᠡᠳᠬᠡᠵᠦ ᠪᠠᠷᠠᠭᠰᠠᠨ ᠤ ᠳᠠᠷᠠᠭ᠎ᠠ ᠳᠠᠬᠢᠵᠤ ᠨᠤᠲᠠᠯᠠᠨ ᠲᠣᠭᠲᠠᠭᠠᠬᠤ ᠬᠡᠷᠡᠭᠲᠡᠶ᠃ ᠨᠤᠲᠠᠯᠠᠨ ᠲᠣᠭᠲᠠᠭᠠᠭᠰᠠᠨ ᠤ ᠳᠠᠷᠠᠭ᠎ᠠ᠂ ᠲᠡᠭᠦᠰᠦᠭᠰᠡᠳ ᠪᠦᠬᠦ ᠤᠯᠤᠰ ᠤᠨ ᠳᠠᠩᠰᠠᠯᠠᠬᠤ ᠰᠢᠰᠲ᠋ᠧᠮ ᠳᠤ ᠲᠤᠰ ᠬᠥᠮᠦᠨ ᠤ ᠳᠠᠩᠰᠠᠯᠠᠬᠤ ᠮᠡᠳᠡᠭᠡ ᠵᠠᠩᠭᠢ ᠶᠢᠨ ᠬᠦᠰᠦᠨᠦᠭᠲᠦ ᠶᠢ ᠪᠠᠶᠢᠴᠠᠭᠠᠨ ᠦᠵᠡᠵᠦ ︵ᠪᠤᠶᠤ ᠪᠠᠭᠤᠯᠭᠠᠬᠤ︶ ᠪᠣᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠠᠴᠠ ᠲᠤᠰ ᠰᠤᠷᠭᠠᠭᠤᠯᠢ ᠲᠡᠭᠦᠰᠦᠭᠰᠡᠳ ᠤᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠬᠢᠨᠠᠬᠤ᠂ ᠳᠡᠭᠡᠭᠰᠢ ᠮᠡᠳᠡᠭᠦᠯᠬᠦ ᠪᠠ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠰᠤᠷᠭᠠᠭᠤᠯᠢ ᠲᠡᠭᠦᠰᠦᠭᠰᠡᠳ ᠤᠨ ᠮᠡᠳᠡᠭᠡ ᠵᠠᠩᠭᠢ ᠶᠢ ᠮᠤᠵᠢ ᠶᠢᠨ ᠱᠠᠲᠤᠨ ᠤ ᠠᠵᠢᠯ ᠣᠯᠭᠤᠯᠲᠠ ᠶᠢᠨ ᠠᠵᠢᠯ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠡᠯ᠎ᠡ ᠮᠤᠵᠢ ᠶᠢᠨ ᠱᠠᠲᠤᠨ ᠤ ᠠᠵᠢᠯ ᠣᠯᠭᠤᠬᠤ ᠠᠵᠢᠯ ᠤᠨ ᠰᠠᠯᠠᠭ᠎ᠠ ᠮᠥᠴᠢᠷ ᠤᠳ ᠲᠤᠰ ᠭᠠᠵᠠᠷ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠣᠴᠢᠵᠤ ᠪᠦᠷᠢᠳᠬᠡᠨ ᠳᠠᠩᠰᠠᠯᠠᠵᠤ ᠬᠢᠨᠠᠨ ᠬᠡᠮᠵᠢᠬᠦ ᠬᠠᠮᠢᠶᠠᠷᠤᠯᠲᠠ᠂ ᠲᠤᠭ᠎ᠠ ᠪᠠᠷᠢᠮᠲᠠ ᠶᠢ ᠳᠠᠩᠰᠠᠯᠠᠬᠤ ᠪᠠ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ ᠰᠠᠶᠢᠲᠤᠷ ᠬᠢᠵᠦ᠂ ᠲᠤᠰ ᠭᠠᠵᠠᠷ ᠤᠨ ᠰᠤᠷᠭᠠᠭᠤᠯᠢ ᠲᠡᠭᠦᠰᠦᠭᠰᠡᠳ ᠤᠨ ᠮᠡᠳᠡᠭᠡ ᠵᠠᠩᠭᠢ ᠶᠢ ᠰᠤᠷᠭᠠᠨ ᠬᠥᠮᠦᠵᠢᠯ ᠤᠨ ᠶᠠᠮᠤᠨ ᠳᠤ ᠴᠠᠭ ᠲᠤᠬᠠᠶ ᠳᠤᠨᠢ ᠮᠡᠳᠡᠭᠦᠯᠵᠦ ᠬᠤᠷᠢᠶᠠᠩᠭᠤᠶᠢᠯᠠᠬᠤ ᠬᠡᠷᠡᠭᠲᠡᠶ᠃      ᠠᠰᠠᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ᠤᠯᠤᠰ ᠠᠴᠠ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠪᠣᠢ︖     ᠬᠠᠷᠢᠭᠤᠯᠲᠠ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠠᠵᠢᠯ ᠤᠯᠬᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ᠂ ᠴᠡᠷᠢᠭ ᠲᠤ ᠣᠷᠣᠬᠤ᠂ ᠡᠷᠬᠡ ᠠᠰᠢᠭ ᠢ ᠪᠠᠲᠤᠯᠠᠬᠤ ᠪᠠ ᠠᠵᠤ ᠠᠬᠤᠶᠢᠯᠠᠯ ᠤᠨ ᠲᠡᠭᠦᠰᠦᠭᠰᠡᠳ ᠢ ᠬᠦᠯᠢᠶᠡᠨ ᠠᠪᠴᠤ ᠠᠵᠢᠯ ᠣᠯᠭᠤᠬᠤ ᠶᠢ ᠵᠣᠷᠢᠭᠵᠢᠭᠤᠯᠬᠤ ᠵᠡᠷᠭᠡ ᠲᠠᠯ᠎ᠠ ᠪᠠᠷ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠶ ᠭᠦᠢᠴᠡᠳ ᠠᠵᠢᠯ ᠤᠯᠬᠤ ᠳᠤ ᠬᠦᠴᠦᠨ ᠨᠡᠮᠡᠷᠢᠯᠡᠪᠡ᠃ ᠲᠥᠷᠥ ᠶᠢᠨ ᠪᠣᠳᠣᠯᠭ᠎ᠠ ᠶᠢᠨ ᠨᠠᠷᠢᠨ ᠪᠠᠶᠢᠳᠠᠯ ᠢ ᠰᠤᠷᠭᠠᠨ ᠬᠥᠮᠦᠵᠢᠯ ᠤᠨ ᠶᠠᠮᠤᠨ ᠤ ᠠᠯᠪᠠᠨ ᠰᠦᠯᠵᠢᠶ᠎ᠡ ᠶᠢᠨ ︽2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠠᠵᠢᠯᠯᠠᠭ᠎ᠠ︾᠎ ᠶᠢᠨ ᠲᠤᠰᠬᠠᠶ ᠪᠤᠯᠤᠩ ᠪᠤᠶᠤ ᠤᠯᠤᠰ ᠤᠨ ᠤᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠤᠨ ︽2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠎ ᠶᠢᠨ ᠲᠤᠰᠬᠠᠶ ᠪᠤᠯᠤᠩ ᠳᠤ ᠦᠵᠡᠭᠡᠷᠡᠢ᠃ 
 
ᠢᠷᠡᠯᠲᠡ᠄ ᠠᠷᠠᠳ ᠤᠨ ᠰᠤᠷᠭᠠᠨ ᠬᠦᠮᠦᠵᠢᠯ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号