ᠵᠠᠰᠠᠭ ᠤᠨ ᠣᠷᠳᠣᠨ ᠤ ᠠᠯᠪᠠᠨ ᠮᠡᠳᠡᠭᠡ 2023 ᠣᠨ ᠤ 6 ᠳ᠋ᠤᠭᠠᠷ ᠬᠤᠭᠤᠴᠠᠭ᠎ᠠ ︵ᠶᠡᠷᠣᠩᠬᠡᠢ 16  ᠳ᠋ᠣᠭᠠᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2023/12/1
2023年第6期.jpg
ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠬᠠᠶᠢᠷᠤᠪ ᠤᠨ ᠲᠤᠬᠤᠢ ᠶᠢᠨ ᠲᠣᠭᠤᠷᠢᠭ ᠤᠨ 11 ᠳ᠋ᠦᠭᠡᠷ ᠤᠳᠠᠭ᠎ᠠ ᠶᠢᠨ ᠬᠤᠲᠠ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ ᠲᠤᠬᠠᠢᠲᠣᠭᠤᠷᠢᠭ ᠤᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯ                             ﹇2023﹈ 47 ᠳ᠋ᠤᠭᠠᠷ ᠲᠣᠭᠠᠲᠤᠲᠣᠭᠤᠷᠢᠭ ᠤᠨ ᠬᠢᠨᠠᠨ ᠲᠣᠭᠲᠠᠭᠠᠬᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ᠂ ᠡᠯ᠎ᠡ ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ ᠨᠢᠭᠡᠴᠡ᠄    2023 ᠣᠨ ᠤ 11 ᠰᠠᠷ᠎ᠠ ᠶᠢᠨ 5᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠲᠣᠭᠤᠷᠢᠭ ᠤᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠦᠬᠠᠶ ᠬᠤᠲᠠ ᠶᠢᠨ ᠢᠩ ᠬᠤᠸᠠ ᠡᠮᠨᠡᠯᠭᠡ ᠶᠢᠨ ᠬᠤᠷᠢᠶᠠᠨ ᠤ ᠬᠢᠵᠠᠭᠠᠷᠲᠤ ᠺᠣᠮᠫᠠᠨᠢ ᠶᠢᠨ ᠬᠦᠷᠢᠶᠡᠨ ᠳᠠᠬᠢ ᠪᠠᠷᠠᠭᠤᠨ ᠲᠠᠯ᠎ᠠ ᠶᠢᠨ ᠵᠡᠭᠡᠯᠢ ᠶᠢᠨ ᠬᠠᠭᠤᠴᠢᠨ ᠪᠠᠶᠢᠰᠢᠩ ᠢ ᠥᠭᠡᠷᠡᠴᠢᠯᠡᠬᠦ ᠲᠥᠰᠦᠯ᠂ ᠦᠬᠠᠶ ᠬᠤᠲᠠ ᠶᠢᠨ ᠵᠠᠩ ᠾᠧᠩ ᠠᠮᠠᠨ ᠬᠥᠨᠳᠡᠶ ᠶᠢᠨ ᠡᠮᠨᠡᠯᠭᠡ ᠶᠢᠨ ᠬᠤᠷᠢᠶᠠᠨ ᠤ ᠬᠢᠵᠠᠭᠠᠷᠲᠤ ᠺᠣᠮᠫᠠᠨᠢ ᠶᠢᠨ ᠭᠠᠳᠠᠷ ᠲᠠᠯ᠎ᠠ ᠶᠢᠨ ᠥᠭᠡᠷᠡᠴᠢᠯᠡᠯᠲᠡ ᠵᠡᠷᠭᠡ ᠲᠥᠷᠥᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠢ ᠵᠥᠪᠯᠡᠨ ᠲᠣᠭᠲᠠᠭᠠᠪᠠ᠃ ᠡᠳᠦᠭᠡ ᠬᠠᠮᠢᠶ᠎ᠠ ᠪᠦᠬᠦᠢ ᠵᠦᠢᠯᠡᠰ ᠢ ᠵᠦᠪᠯᠡᠨ ᠲᠣᠭᠲᠠᠭᠠᠭᠰᠠᠨ ᠦᠷ᠎ᠡ ᠳ᠋ᠦᠩ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠭᠠᠳᠠᠷ ᠲᠠᠯ᠎ᠠ ᠶᠢᠨ ᠲᠥᠷᠥᠯ    1. ᠦᠬᠠᠢ ᠬᠤᠳᠠ ᠶᠢᠨ ᠢᠩ ᠬᠤᠸᠠ ᠡᠮᠨᠡᠯᠭᠡ ᠶᠢᠨ ᠬᠤᠷᠢᠶᠠᠨ ᠤ ᠬᠢᠵᠠᠭᠠᠷᠲᠤ ᠺᠣᠮᠫᠠᠨᠢ ᠶᠢᠨ ᠡᠮᠨᠡᠯᠭᠡ ᠶᠢᠨ ᠬᠤᠷᠢᠶᠠᠨ ᠤ ᠳᠣᠲᠣᠷᠠᠬᠢ ᠪᠠᠷᠠᠭᠤᠨ ᠲᠠᠯ᠎ᠠ ᠶᠢᠨ ᠵᠡᠭᠡᠯᠢ ᠶᠢᠨ ᠬᠠᠭᠤᠴᠢᠨ ᠪᠠᠶᠢᠰᠢᠩ ᠢ ᠪᠠᠬᠢᠵᠢᠭᠦᠯᠦᠨ ᠥᠭᠡᠷᠡᠴᠢᠯᠡᠬᠦ ᠵᠢᠴᠢ ᠭᠠᠳᠠᠷ ᠲᠠᠯ᠎ᠠ ᠶᠢᠨ ᠥᠭᠡᠷᠡᠴᠢᠯᠡᠯᠲᠡ ᠶᠢᠨ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠨᠢᠭᠡ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠥᠰᠥᠯ ᠨᠢ S217 ᠮᠤᠵᠢ ᠶᠢᠨ ᠵᠠᠮ ᠠᠴᠠ ᠵᠡᠭᠦᠨᠰᠢ᠂ ᠰᠢᠨᠬᠤᠸᠠ ᠵᠡᠭᠦᠨ ᠵᠡᠭᠡᠯᠢ ᠠᠴᠠ ᠡᠮᠦᠨᠡᠰᠢᠬᠢ ᠬᠡᠰᠡᠭ ᠲᠤ ᠪᠤᠢ᠃ ᠬᠤᠷᠠᠯ ᠠᠴᠠ ᠱᠠᠭᠠᠷᠳᠠᠬᠤ ᠳᠤ ᠪᠠᠨ᠂ ᠭᠠᠳᠠᠷ ᠲᠠᠯ᠎ᠠ ᠳᠤ ᠭᠦᠨ ᠥᠩᠭᠡ ᠵᠣᠬᠢᠴᠠᠭᠤᠯᠤᠨ᠎ᠠ᠃    2. ᠦᠬᠠᠶ ᠬᠤᠲᠠ ᠶᠢᠨ ᠵᠠᠩ ᠾᠧᠩ ᠠᠮᠠᠨ ᠬᠥᠨᠳᠡᠶ ᠶᠢᠨ ᠡᠮᠨᠡᠯᠭᠡ ᠶᠢᠨ ᠬᠤᠷᠢᠶᠠᠨ ᠤ ᠬᠢᠵᠠᠭᠠᠷᠲᠤ ᠺᠣᠮᠫᠠᠨᠢ ᠶᠢᠨ ᠭᠠᠳᠠᠷ ᠲᠠᠯ᠎ᠠ ᠶᠢᠨ ᠥᠭᠡᠷᠡᠴᠢᠯᠡᠯᠲᠡ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠨᠢᠭᠡ᠂ ᠲᠥᠷᠥᠯ ᠵᠦᠢᠯ ᠨᠢ ᠬᠠᠶᠢᠷᠤᠪ ᠤᠨ ᠲᠣᠬᠤᠢ ᠲᠣᠭᠤᠷᠢᠭ ᠤᠨ ᠸᠧ ᠶᠧ ᠬᠤᠶᠢᠲᠤ ᠵᠠᠮ ᠠᠴᠠ ᠵᠡᠭᠦᠨᠰᠢ᠂ ᠴᠠᠩᠴᠢᠩ ᠵᠡᠭᠦᠨ ᠵᠡᠭᠡᠯᠢ ᠠᠴᠠ ᠡᠮᠦᠨᠡᠰᠢᠬᠢ ᠭᠠᠵᠠᠷ ᠪᠣᠯᠤᠨ᠎ᠠ᠃    3᠂ ᠬᠤᠷᠠᠯ ᠠᠴᠠ ᠦᠬᠠᠶ ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠤᠨ ᠬᠢᠵᠠᠭᠠᠷᠲᠤ ᠺᠣᠮᠫᠠᠨᠢ ᠶᠢᠨ ᠠᠯᠪᠠᠨ ᠠᠰᠠᠷ ᠤᠨ ᠭᠠᠳᠠᠷ ᠲᠠᠯ᠎ᠠ ᠶᠢᠨ ᠥᠭᠡᠷᠡᠴᠢᠯᠡᠯᠲᠡ ᠶᠢᠨ ᠵᠢᠷᠤᠭ ᠲᠥᠯᠥᠪᠯᠡᠭᠡ ᠶᠢᠨ ᠲᠥᠰᠦᠯ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠥᠷᠥᠯ ᠵᠦᠢᠯ ᠨᠢ ᠬᠠᠶᠢᠷᠤᠪ ᠤᠨ ᠲᠣᠬᠤᠢ ᠲᠣᠭᠤᠷᠢᠭ ᠤᠨ ᠰᠢᠨ ᠬᠤᠸᠠ ᠵᠡᠭᠦᠨ ᠵᠡᠭᠡᠯᠢ ᠶᠢᠨ 21 ᠳ᠋ᠦ᠋ᠭᠡᠷ ᠲᠣᠭᠠᠲᠤ ᠳᠤ ᠪᠣᠶ᠃ ᠬᠤᠷᠠᠯ ᠠᠴᠠ᠂ ᠭᠠᠳᠠᠨᠠᠬᠢ ᠰᠦᠨᠢ ᠶᠢᠨ ᠦᠵᠡᠮᠵᠢ ᠶᠢᠨ ᠭᠡᠷᠡᠯᠲᠦᠭᠦᠯᠭᠡ ᠶᠢᠨ ᠦᠷ᠎ᠡ ᠪᠦᠲᠦᠮᠵᠢ ᠶᠢ ᠰᠢᠯᠢᠳᠡᠭᠵᠢᠭᠦᠯᠬᠦ ᠬᠡᠷᠡᠭᠲᠡᠢ᠃    4. ᠦᠬᠠᠢ ᠬᠤᠳᠠ ᠶᠢᠨ ᠭᠤᠸᠠᠩ ᠱᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦ᠋ ᠵᠧᠦ ᠶᠡᠭᠡ ᠪᠠᠭᠤᠳᠠᠯ ᠤᠨ ᠭᠠᠳᠠᠷ ᠭᠠᠳᠠᠷᠭᠤ ᠶᠢ ᠥᠭᠡᠷᠡᠴᠢᠯᠡᠬᠦ ᠵᠢᠷᠤᠭ ᠲᠥᠯᠥᠪᠯᠡᠭᠡ ᠶᠢᠨ ᠲᠥᠰᠦᠯ ᠨᠢᠭᠡ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠥᠷᠥᠯ ᠵᠦᠢᠯ ᠢ ᠬᠠᠶᠢᠷᠤᠪ ᠤᠨ ᠲᠣᠬᠤᠢ ᠲᠣᠭᠤᠷᠢᠭ ᠤᠨ ᠱᠢ ᠴᠧᠩ ᠪᠠᠷᠠᠭᠤᠨ ᠵᠡᠭᠡᠯᠢ ᠠᠴᠠ ᠡᠮᠦᠨ᠎ᠡ ᠪᠠᠶᠢᠷᠢᠯᠠᠵᠤ᠂ ᠬᠤᠶᠢᠲᠤ ᠵᠠᠮ ᠠᠴᠠ ᠵᠡᠭᠦᠨᠰᠢ ᠪᠠᠨ ᠪᠥᠲᠥᠭᠡᠨ ᠪᠠᠶᠢᠭᠤᠯᠤᠨ᠎ᠠ᠃ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠭᠠᠳᠠᠷ ᠲᠠᠯ᠎ᠠ ᠶᠢᠨ ᠰᠥᠨᠢ ᠶᠢᠨ ᠦᠵᠡᠮᠵᠢ ᠶᠢᠨ ᠭᠡᠷᠡᠯᠲᠦᠭᠦᠯᠭᠡ ᠶᠢᠨ ᠦᠷ᠎ᠡ ᠪᠦᠲᠦᠮᠵᠢ ᠶᠢ ᠰᠢᠯᠢᠳᠡᠭᠵᠢᠭᠦᠯᠵᠦ᠂ ᠠᠰᠠᠷ ᠤᠨ ᠣᠷᠣᠶ ᠶᠢᠨ ᠵᠠᠷ ᠮᠡᠳᠡᠭᠡᠨ ᠤ ᠶᠡᠭᠡ ᠥᠰᠥᠭ ᠢ ᠬᠦᠴᠦᠨ ᠥᠬᠡᠶ ᠪᠣᠯᠭᠠᠬᠤ ᠬᠡᠷᠡᠭᠲᠡᠶ᠃ ᠬᠤᠶᠠᠷ ᠲᠤ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠭᠠᠯ ᠤᠨᠲᠠᠷᠠᠭᠠᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃    4. ᠬᠤᠷᠠᠯ ᠠᠴᠠ ᠦᠬᠠᠢ ᠬᠤᠳᠠ ᠶᠢᠨ ᠭᠤᠸᠠᠩ ᠰᠢᠶᠠ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦ᠋ ᠵᠧᠦ ᠶᠡᠭᠡ ᠪᠠᠭᠤᠳᠠᠯ ᠤᠨ ᠭᠠᠳᠠᠷ ᠲᠠᠯ᠎ᠠ ᠶᠢᠨ ᠥᠭᠡᠷᠡᠴᠢᠯᠡᠯᠲᠡ ᠶᠢᠨ ᠵᠢᠷᠤᠭ ᠲᠥᠯᠥᠪᠯᠡᠭᠡ ᠶᠢᠨ ᠲᠥᠰᠦᠯ ᠨᠢᠭᠡ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠰ ᠲᠦᠷᠦᠯ ᠵᠦᠢᠯ ᠨᠢ ᠬᠠᠶᠢᠷᠤᠪ ᠤᠨ ᠲᠤᠬᠤᠢ ᠲᠣᠭᠤᠷᠢᠭ ᠤᠨ ᠱᠢ ᠴᠧᠩ ᠪᠠᠷᠠᠭᠤᠨ ᠵᠡᠭᠡᠯᠢ ᠠᠴᠠ ᠡᠮᠦᠨᠡᠰᠢ ᠪᠠᠶᠢᠷᠢᠯᠠᠵᠤ᠂ ᠬᠤᠶᠢᠲᠤ ᠵᠠᠮ ᠤᠨ ᠵᠡᠭᠦᠨ ᠲᠠᠯ᠎ᠠ ᠳᠤ ᠪᠠᠶᠢᠷᠢᠯᠠᠨ᠎ᠠ᠃ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠭᠠᠳᠠᠷ ᠲᠠᠯ᠎ᠠ ᠶᠢᠨ ᠰᠥᠨᠢ ᠶᠢᠨ ᠦᠵᠡᠮᠵᠢ ᠶᠢᠨ ᠭᠡᠷᠡᠯᠲᠦᠭᠦᠯᠭᠡ ᠶᠢᠨ ᠦᠷ᠎ᠡ ᠪᠦᠲᠦᠮᠵᠢ ᠶᠢ ᠰᠢᠯᠢᠳᠡᠭᠵᠢᠭᠦᠯᠵᠦ᠂ ᠠᠰᠠᠷ ᠤᠨ ᠣᠷᠣᠶ ᠶᠢᠨ ᠵᠠᠷ ᠮᠡᠳᠡᠭᠡᠨ ᠤ ᠲᠣᠮᠣ ᠥᠰᠥᠭ ᠢ ᠬᠦᠴᠦᠨ ᠥᠬᠡᠶ ᠪᠣᠯᠭᠠᠬᠤ ᠬᠡᠷᠡᠭᠲᠡᠶ᠃ ᠬᠤᠶᠠᠷ ᠲᠤ ᠪᠠᠷᠢᠯᠭ᠎ᠠ ᠪᠠᠷᠢᠭᠤᠯᠬᠤ ᠨᠢᠭᠡᠴᠡ ᠨᠢ ᠭᠠᠯ ᠤᠨᠲᠠᠷᠠᠭᠠᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃    ᠬᠤᠶᠠᠷ᠂ ᠲᠥᠯᠥᠪᠵᠢᠭᠦᠯᠵᠦ ᠵᠢᠷᠤᠭᠯᠠᠨ ᠲᠥᠯᠥᠪᠯᠡᠬᠦ ᠲᠥᠰᠦᠯ ᠤᠨ ᠲᠥᠷᠥᠯ    5. ᠬᠤᠷᠠᠯ ᠠᠴᠠ ᠥᠪᠥᠷ ᠮᠣᠩᠭᠤᠯ ᠤᠨ ᠵᠢᠶᠦ᠋ᠨ ᠬᠤᠩ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 300 ᠲᠦᠮᠡᠨ ᠲᠣᠨ / ᠵᠢᠯ ᠤᠨ ᠠᠭᠤᠷᠬᠠᠶ ᠶᠢᠨ ᠠᠮᠠᠰᠠᠷ ᠲᠠᠬᠢ ᠨᠡᠭᠦᠷᠡᠰᠦᠨ ᠴᠢᠯᠠᠭᠤ ᠤᠬᠢᠶᠠᠨ ᠰᠢᠯᠢᠬᠦ ᠲᠥᠷᠥᠯ ᠵᠤᠶᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠨᠢᠭᠡ᠂ ᠬᠡᠷᠡᠭᠯᠡᠬᠦ ᠭᠠᠵᠠᠷ ᠤᠨ ᠲᠠᠯᠠᠪᠠᠶ ᠨᠢ 56000 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 32482 ᠲᠡᠭᠰᠢ ᠳᠥᠷᠪᠡᠯᠵᠢᠨ ᠮᠧᠲᠷ ᠪᠠᠶᠢᠵᠤ᠂ ᠲᠥᠷᠥᠯ ᠵᠤᠶᠢᠯ ᠨᠢ ᠬᠠᠶᠢᠷᠤᠪ ᠤᠨ ᠲᠣᠬᠤᠶ ᠶᠢᠨ ᠲᠣᠭᠤᠷᠢᠭ ᠤᠨ ᠮᠤᠷᠭᠧᠤ ᠠᠭᠤᠷᠬᠠᠶ ᠶᠢᠨ ᠣᠷᠣᠨ ᠳᠤ ᠪᠠᠶᠢᠷᠢᠯᠠᠬᠤ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠬᠤᠷᠠᠯ ᠠᠴᠠ ᠱᠠᠭᠠᠷᠳᠠᠭᠰᠠᠨ ᠨᠢ᠂ ᠪᠥᠲᠥᠭᠡᠨ ᠪᠠᠶᠢᠭᠤᠯᠤᠯᠲᠠ ᠶᠢᠨ ᠨᠢᠭᠡᠴᠡ ᠲᠤᠭᠤᠷᠢᠭ ᠤᠨ ᠡᠨᠧᠷᠭᠢ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠣᠯᠤᠭᠰᠠᠨ ᠤ ᠳᠠᠷᠠᠭ᠎ᠠ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠭᠠᠷᠳᠠᠮ ᠢ  ᠭᠦᠢᠴᠡᠤᠡᠭᠡᠬᠦ ᠬᠡᠷᠡᠭᠲᠡᠶ᠃    6. ᠬᠤᠷᠠᠯ ᠠᠴᠠ ᠦᠬᠠᠶ ᠬᠤᠲᠠ ᠶᠢᠨ ᠬᠤᠩ ᠳ᠋ᠢᠩ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳ᠋ᠢᠩ ᠱᠧᠩ ᠬᠤᠸᠠ ᠶᠤᠸᠠᠨ ᠪᠠᠭ᠎ᠠ ᠲᠣᠭᠤᠷᠢᠭ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠣᠬᠢᠷᠠᠭᠤᠯᠤᠯᠲᠠ ᠶᠢᠨ ᠲᠥᠰᠦᠯ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠲᠣᠰ ᠲᠥᠷᠥᠯ ᠵᠤᠶᠢᠯ ᠨᠢ ᠬᠠᠶᠢᠷᠤᠪ ᠤᠨ ᠲᠣᠬᠤᠶ ᠶᠢᠨ ᠲᠣᠭᠤᠷᠢᠭ ᠤᠨ ᠯᠢᠨ ᠶᠢᠨ ᠶᠡᠭᠡ ᠵᠠᠮ ᠠᠴᠠ ᠬᠤᠶᠢᠰᠢ᠂ ᠬᠠᠶᠢᠯᠠ ᠶᠢᠨ ᠬᠤᠶᠢᠲᠤ ᠵᠠᠮ ᠠᠴᠠ ᠪᠠᠷᠠᠭᠤᠨᠰᠢ ᠪᠠᠶᠢᠵᠤ᠂ ᠲᠣᠰ ᠤᠳᠠᠭᠠᠨ ᠤ ᠲᠥᠯᠥᠪᠵᠢᠭᠦᠯᠭᠡ ᠶᠢᠨ ᠲᠥᠰᠦᠯ ᠳᠤ 9᠂ 11᠂ 12᠂ S1 ︵S1A᠂ S1B᠂ S1C᠂ S1D︶ ᠠᠰᠠᠷ ᠲᠤ ᠲᠣᠬᠢᠷᠠᠭᠤᠯᠤᠯᠲᠠ ᠬᠢᠪᠠ᠃ ᠲᠣᠬᠢᠷᠠᠭᠤᠯᠤᠯᠲᠠ ᠬᠢᠬᠦ ᠠᠴᠠ ᠡᠮᠦᠨᠡᠬᠢ ᠶᠡᠷᠦᠩᠬᠡᠶ ᠪᠠᠷᠢᠯᠭ᠎ᠠ ᠶᠢᠨ ᠲᠠᠯᠠᠪᠠᠶ 311827.63 ᠲᠡᠭᠰᠢ ᠳᠥᠷᠪᠡᠯᠵᠢᠨ ᠮᠧᠲᠷ ᠲᠤ ᠬᠦᠷᠴᠦ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠶᠡᠷᠦᠩᠬᠡᠶ ᠪᠠᠷᠢᠯᠭ᠎ᠠ ᠶᠢᠨ ᠲᠠᠯᠠᠪᠠᠶ 309167.49 ᠲᠡᠭᠰᠢ ᠳᠥᠷᠪᠡᠯᠵᠢᠨ ᠮᠧᠲᠷ ᠲᠤ ᠬᠦᠷᠴᠦ᠂ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ 83724.9 ᠲᠡᠭᠰᠢ ᠳᠥᠷᠪᠡᠯᠵᠢᠨ ᠮᠧᠲᠷ ᠲᠤ ᠬᠦᠷᠴᠡᠶ᠃ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ S1 ᠠᠰᠠᠷ ᠤᠨ ᠡᠮᠦᠨ᠎ᠡ ᠲᠠᠯ᠎ᠠ ᠶᠢᠨ ᠦᠷ᠎ᠡ ᠪᠦᠲᠦᠭᠡᠯ ᠤᠨ ᠵᠢᠷᠤᠭ ᠲᠠᠬᠢ ᠡᠭᠦᠳᠡᠨ ᠳᠡᠭᠡᠷᠡᠬᠢ ᠬᠦᠷᠢᠶ᠎ᠡ ᠬᠠᠰᠢᠶ᠎ᠠ ᠶᠢ ᠠᠷᠢᠯᠭᠠᠵᠤ᠂ ᠬᠤᠳᠠᠯᠳᠤᠭᠠᠨ ᠤ ᠡᠭᠦᠳᠡᠨ ᠡᠮᠦᠨᠡᠬᠢ ᠣᠯᠠᠨ ᠨᠡᠶᠢᠲᠡ ᠶᠢᠨ ᠣᠷᠣᠨ ᠵᠠᠶ ᠶᠢ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠬᠤᠶᠠᠷ ᠲᠤ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠠᠴᠠ ᠰᠠᠭᠤᠭᠠᠯᠢ ᠠᠷᠠᠳ ᠤᠨ ᠲᠣᠭᠤᠷᠢᠭ ᠤᠨ ᠵᠡᠭᠦᠨ ᠲᠠᠯ᠎ᠠ ᠶᠢᠨ ᠣᠷᠣᠵᠤ ᠭᠠᠷᠬᠤ ᠭᠠᠵᠠᠷ ᠵᠢᠴᠢ ᠬᠡᠷᠡᠭᠯᠡᠬᠦ ᠭᠠᠵᠠᠷ ᠤᠨ ᠬᠡᠪᠴᠢᠶᠡᠨ ᠳᠠᠬᠢ ᠬᠤᠶᠢᠲᠤ ᠲᠠᠯ᠎ᠠ ᠶᠢᠨ ᠳᠠᠯᠳᠠ ᠰᠤᠪᠠᠭ ᠪᠠᠶᠢᠭᠤᠯᠬᠤ ᠶᠠᠪᠤᠳᠠᠯ ᠢ ᠲᠦᠷᠭᠡᠨ ᠰᠢᠢᠤᠡᠪᠤᠷᠢᠯᠡᠬᠦ ᠪᠠᠷ ᠠᠮᠠᠯᠳᠠᠬᠤ ᠴᠢᠬᠤᠯᠠᠲᠠᠶ ᠪᠠᠶᠢᠨ᠎ᠠ᠃    7. ᠬᠤᠷᠠᠯ ᠠᠴᠠ ᠥᠪᠥᠷ ᠮᠣᠩᠭᠤᠯ ᠤᠨ ᠷᠦᠩ ᠴᠧᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠴᠡᠭᠡᠯ ᠠᠭᠤᠯᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ CNG᠂ LNG᠂ L-CNG ᠬᠡᠢ ᠨᠡᠮᠡᠬᠦ ᠥᠷᠲᠡᠭᠡᠨ ᠤ ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢᠨ ᠲᠥᠰᠦᠯ ᠨᠢᠭᠡ ᠶᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠲᠥᠷᠥᠯ ᠵᠦᠢᠯ ᠨᠢ ᠬᠠᠶᠢᠷᠤᠪ ᠤᠨ ᠲᠣᠬᠤᠶ ᠶᠢᠨ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠮᠦᠨ᠎ᠡ᠂ ᠨᠡᠭᠦᠷᠡᠰᠦ ᠵᠥᠭᠡᠭᠡᠪᠦᠷᠢᠯᠡᠬᠦ ᠶᠡᠭᠡ ᠵᠠᠮ ᠤᠨ ᠡᠷᠭᠢᠯᠲᠡ ᠶᠢᠨ ᠵᠡᠭᠦᠨ ᠬᠤᠶᠢᠲᠤ ᠥᠨᠴᠥᠭ ᠲᠤ ᠪᠤᠶ᠂ 7000 ᠲᠡᠭᠰᠢ ᠳᠥᠷᠪᠡᠯᠵᠢᠨ ᠮᠧᠲᠷ ᠤᠨ ᠲᠠᠯᠠᠪᠠᠶ ᠲᠠᠢ᠂ 497.33 ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠶᠢᠨ ᠲᠠᠯᠠᠪᠠᠶ ᠶᠢ ᠰᠢᠨ᠎ᠡ ᠪᠠᠷ ᠪᠠᠶᠢᠭᠤᠯᠪᠠ᠃ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠵᠣᠯᠭᠠᠭᠤᠯᠵᠤ᠂ ᠨᠢᠭᠡᠨᠲᠡ ᠪᠠᠶᠢᠭᠤᠯᠤᠭᠰᠠᠨ ᠬᠡᠶ ᠨᠡᠮᠡᠬᠦ ᠥᠷᠲᠡᠭᠡ ᠶᠢᠨ ᠭᠠᠳᠠᠨᠠᠬᠢ ᠨᠢᠭᠤᠷ ᠤᠨ ᠥᠩᠭᠡ ᠪᠤᠳᠤᠭ ᠤᠨ ᠪᠦᠲᠦᠴᠡ ᠲᠠᠢ ᠨᠢᠭᠡᠳᠦᠯᠲᠡᠶ ᠪᠠᠶᠢᠯᠭᠠᠬᠤ ᠬᠡᠷᠡᠭᠲᠡᠶ᠃ ᠬᠤᠶᠠᠷ ᠲᠤ᠂ ᠪᠠᠷᠢᠯᠭ᠎ᠠ ᠪᠠᠷᠢᠭᠤᠯᠬᠤ ᠨᠢᠭᠡᠴᠡ ᠠᠴᠠ ᠰᠠᠷᠠᠪᠴᠢ ᠲᠤᠯᠭᠠᠭᠤᠷᠢ ᠶᠢ ᠪᠠᠬᠢᠯᠡᠨ ᠪᠠᠬᠢᠯᠡᠵᠦ ᠰᠢᠢᠤᠡᠪᠤᠷᠢᠯᠡᠬᠦ ᠶᠢᠨ ᠬᠠᠮᠲᠤ ᠭᠠᠯ ᠤᠨᠲᠠᠷᠠᠭᠠᠬᠤ ᠰᠠᠯᠠᠭ᠎ᠠ ᠮᠥᠴᠢᠷ ᠤᠨ ᠰᠠᠨᠠᠯ ᠢ ᠤᠯᠬᠤ ᠬᠡᠷᠡᠭᠲᠡᠶ᠃    8᠂ ᠬᠤᠷᠠᠯ ᠠᠴᠠ ᠦᠬᠠᠢ ᠬᠤᠳᠠ ᠶᠢᠨ ᠰᠢᠨ ᠠᠨ ᠵᠦᠩ ᠴᠧᠩ ᠮᠠᠰᠢᠨ ᠲᠡᠷᠭᠡᠨ ᠤ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠰᠢᠨ᠎ᠡ ᠪᠠᠷ ᠪᠠᠶᠢᠭᠤᠯᠤᠭᠰᠠᠨ ᠴᠠᠩ ᠠᠨ ᠤ ᠭᠦᠨ ᠬᠦᠬᠡ ᠦᠩᠭᠡ ᠶᠢᠨ ᠶᠡᠷᠦᠩᠬᠡᠶᠢᠯᠡᠭᠰᠡᠨ ᠦᠵᠡᠭᠦᠯᠦᠯᠭᠡ ᠶᠢᠨ ᠲᠢᠩᠬᠢᠮ ᠤᠨ 4S ᠳᠡᠯᠭᠡᠭᠦᠷ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠨᠢᠭᠡ ᠶᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠲᠦᠷᠦᠯ ᠵᠦᠢᠯ ᠨᠢ ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠶᠡᠭᠡ ᠵᠠᠮ ᠠᠴᠠ ᠤᠮᠠᠷᠠᠰᠢ᠂  ᠸᠧ ᠶᠧ ᠵᠠᠮ ᠠᠴᠠ ᠵᠡᠭᠦᠨᠰᠢᠬᠢ ᠪᠠᠶᠢᠵᠤ᠂ ᠶᠡᠷᠦᠩᠬᠡᠢ ᠬᠡᠷᠡᠭᠯᠡᠬᠦ ᠭᠠᠵᠠᠷ ᠤᠨ ᠲᠠᠯᠠᠪᠠᠢ ᠨᠢ 9204 ᠲᠡᠭᠰᠢ ᠳᠥᠷᠪᠡᠯᠵᠢᠨ ᠮᠧᠲᠷ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠲᠠᠯᠠᠪᠠᠢ ᠨᠢ 748 ᠲᠡᠭᠰᠢ ᠳᠥᠷᠪᠡᠯᠵᠢᠨ ᠮᠧᠲᠷ ᠪᠣᠯᠤᠨ᠎ᠠ᠃ ᠬᠤᠷᠠᠯ ᠠᠴᠠ ᠱᠠᠭᠠᠷᠳᠠᠭᠰᠠᠨ ᠨᠢ᠂ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷᠠᠬᠢ ᠵᠡᠭᠡᠯᠢ ᠳᠠᠭᠠᠭᠰᠠᠨ ᠪᠠᠷᠢᠯᠭ᠎ᠠ ᠶᠢᠨ ᠭᠠᠳᠠᠷ ᠲᠠᠯ᠎ᠠ ᠶᠢᠨ ᠰᠥᠨᠢ ᠶᠢᠨ ᠦᠵᠡᠮᠵᠢ ᠶᠢᠨ ᠭᠡᠷᠡᠯᠲᠦᠭᠦᠯᠭᠡ ᠶᠢᠨ ᠦᠷ᠎ᠡ ᠪᠦᠲᠦᠮᠵᠢ ᠶᠢ ᠰᠢᠯᠢᠳᠡᠭᠵᠢᠭᠦᠯᠬᠦ ᠬᠡᠷᠡᠭᠲᠡᠶ᠃    9᠂ ᠬᠤᠷᠠᠯ ᠠᠴᠠ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠵᠤ ᠪᠡᠯᠡ ᠮᠥᠩᠭᠦ ᠴᠤᠭᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠤ ᠦᠢᠯᠡᠰ ᠤᠨ ᠬᠦᠷᠢᠶᠡᠯᠡᠩ ᠤᠨ ᠠᠶᠤᠯᠲᠠᠢ ᠬᠢᠮᠢ ᠶᠢᠨ ᠮᠠᠰᠢᠨ ᠲᠡᠷᠭᠡᠨ ᠤ ᠲᠤᠰᠬᠠᠢ ᠬᠡᠷᠡᠭᠯᠡᠭᠡᠨ ᠤ ᠲᠡᠷᠭᠡᠨ ᠵᠣᠭᠰᠣᠭᠠᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠤᠬᠢᠷᠠᠭᠤᠯᠤᠯᠳᠠ ᠶᠢᠨ ᠲᠥᠰᠦᠯ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠰ ᠲᠦᠷᠦᠯ ᠵᠦᠢᠯ ᠨᠢ  ᠴᠡᠭᠡᠯ ᠠᠭᠤᠯᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ 85693.14 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠃ ᠲᠣᠬᠢᠷᠠᠭᠤᠯᠤᠯᠲᠠ ᠬᠢᠬᠦ ᠠᠴᠠ ᠡᠮᠦᠨᠡᠬᠢ ᠶᠡᠷᠦᠩᠬᠡᠶ ᠪᠠᠷᠢᠯᠭ᠎ᠠ ᠶᠢᠨ ᠲᠠᠯᠠᠪᠠᠶ 15119.27 ᠲᠡᠭᠰᠢ ᠳᠥᠷᠪᠡᠯᠵᠢᠨ ᠮᠧᠲᠷ ᠲᠤ ᠬᠦᠷᠴᠦ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠶᠡᠷᠦᠩᠬᠡᠶ ᠪᠠᠷᠢᠯᠭ᠎ᠠ ᠶᠢᠨ ᠲᠠᠯᠠᠪᠠᠶ 15702.87 ᠲᠡᠭᠰᠢ ᠳᠥᠷᠪᠡᠯᠵᠢᠨ ᠮᠧᠲᠷ ᠲᠤ ᠬᠦᠷᠴᠡᠶ᠃    ᠭᠤᠷᠪᠠ᠂ ᠭᠠᠵᠠᠷ ᠰᠣᠩᠭᠤᠬᠤ ᠲᠦᠷᠦᠯ    10᠂ ᠬᠤᠷᠠᠯ ᠠᠴᠠ ᠲᠣᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠦᠷᠦᠯ ᠵᠦᠢᠯ ᠤᠨ ᠭᠠᠵᠠᠷ ᠰᠣᠩᠭᠤᠬᠤ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠲᠦᠷᠦᠯ ᠵᠦᠢᠯ ᠤᠨ ᠬᠡᠷᠡᠭᠯᠡᠬᠦ ᠭᠠᠵᠠᠷ ᠨᠢ 4 ᠳ᠋ᠦᠭᠡᠷ ᠴᠡᠴᠡᠷᠯᠢᠭ ᠤᠨ ᠪᠠᠷᠠᠭᠤᠨ ᠡᠮᠦᠨ᠎ᠡ ᠥᠨᠴᠥᠭ᠂  ᠸᠧ ᠶᠧ ᠬᠤᠶᠢᠲᠤ ᠵᠠᠮ ᠪᠣᠯᠤᠨ ᠴᠠᠩᠴᠢᠩ ᠤᠨ ᠵᠡᠭᠦᠨ ᠵᠡᠭᠡᠯᠢ ᠶᠢᠨ ᠠᠭᠤᠯᠵᠠᠷ ᠲᠤ ᠪᠠᠶᠢᠵᠤ᠂ ᠬᠡᠷᠡᠭᠯᠡᠬᠦ ᠭᠠᠵᠠᠷ ᠤᠨ ᠲᠠᠯᠠᠪᠠᠢ ᠨᠢ 5565.68 ᠲᠡᠭᠰᠢ ᠳᠥᠷᠪᠡᠯᠵᠢᠨ ᠮᠧᠲᠷ ᠪᠣᠯᠤᠨ᠎ᠠ᠃    11. ᠬᠤᠷᠠᠯ ᠠᠴᠠ ᠯᠢᠩ ᠶᠦᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ᠎ᠡ ᠪᠠᠷ ᠪᠠᠶᠢᠭᠤᠯᠤᠭᠰᠠᠨ ᠲᠡᠮᠦᠷ ᠤᠨ ᠨᠠᠷᠢᠯᠢᠭ ᠨᠤᠨᠲᠠᠭ ᠢ ᠪᠣᠯᠪᠠᠰᠤᠷᠠᠭᠤᠯᠬᠤ ᠵᠦᠢᠯᠡᠰ ᠤᠨ ᠭᠠᠵᠠᠷ ᠰᠣᠩᠭᠤᠬᠤ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠵᠡᠶ᠃ ᠲᠥᠷᠥᠯ ᠵᠤᠶᠢᠯ ᠤᠨ ᠬᠡᠷᠡᠭᠯᠡᠬᠦ ᠭᠠᠵᠠᠷ ᠨᠢ  ᠴᠡᠭᠡᠯ ᠠᠭᠤᠯᠠ ᠠᠵᠤ  ᠤᠶᠢᠯᠡᠤᠡᠪᠤᠷᠢ  ᠶᠢᠨ ᠬᠦᠷᠢᠶᠡᠯᠡᠩ ᠲᠣᠭᠤᠷᠢᠭ ᠲᠤ ᠪᠠᠶᠢᠵᠤ᠂ ᠬᠡᠷᠡᠭᠯᠡᠬᠦ ᠭᠠᠵᠠᠷ ᠤᠨ ᠲᠠᠯᠠᠪᠠᠶ ᠨᠢ 7639.64 ᠲᠡᠭᠰᠢ ᠳᠥᠷᠪᠡᠯᠵᠢᠨ ᠮᠧᠲᠷ ᠪᠣᠯᠤᠨ᠎ᠠ᠃    12. ᠬᠤᠷᠠᠯ ᠠᠴᠠ ᠥᠪᠥᠷ ᠮᠣᠩᠭᠤᠯ ᠤᠨ ᠸᠠᠨ ᠰᠧ ᠲᠦᠩ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠢᠵᠠᠭᠠᠷᠲᠤ ᠺᠣᠮᠫᠠᠨᠢ ᠶᠢᠨ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠲᠦᠷᠦᠯ ᠵᠦᠢᠯ ᠤᠨ ᠭᠠᠵᠠᠷ ᠰᠣᠩᠭᠤᠬᠤ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠥᠷᠥᠯ ᠵᠤᠶᠢᠯ ᠨᠢ ᠨᠠᠷᠢᠯᠢᠭ ᠡᠳ᠋ᠰᠢᠭᠦᠯᠦᠨ ᠤᠶᠢᠯᠡᠤᠡᠬᠦ ᠬᠦᠷᠢᠶᠡᠯᠡᠩ ᠳᠤ ᠪᠠᠶᠢᠷᠢᠯᠠᠵᠤ᠂ ᠬᠡᠷᠡᠭᠯᠡᠬᠦ ᠭᠠᠵᠠᠷ ᠤᠨ ᠲᠠᠯᠠᠪᠠᠶ ᠨᠢ 16329.20 ᠲᠡᠭᠰᠢ ᠳᠥᠷᠪᠡᠯᠵᠢᠨ ᠮᠧᠲᠷ ᠲᠤ ᠬᠦᠷᠴᠡᠶ᠃    13. ᠬᠤᠷᠠᠯ ᠠᠴᠠ ᠥᠪᠥᠷ ᠮᠣᠩᠭᠤᠯ ᠤᠨ ᠸᠠᠨ ᠰᠧ ᠲᠦᠩ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠢᠵᠠᠭᠠᠷᠲᠤ ᠺᠣᠮᠫᠠᠨᠢ ᠶᠢᠨ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠦᠷᠦᠯ ᠵᠦᠢᠯ ᠤᠨ ᠭᠠᠵᠠᠷ ᠰᠣᠩᠭᠤᠬᠤ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠰ ᠲᠦᠷᠦᠯ ᠵᠦᠢᠯ ᠨᠢ ᠨᠠᠷᠢᠯᠢᠭ ᠡᠳ᠋ᠰᠢᠭᠦᠯᠦᠨ ᠦᠢᠯᠡᠳᠬᠦ ᠬᠦᠷᠢᠶᠡᠯᠡᠩ ᠳᠤ ᠪᠠᠶᠢᠷᠢᠯᠠᠵᠤ᠂ ᠬᠡᠷᠡᠭᠯᠡᠬᠦ ᠭᠠᠵᠠᠷ ᠤᠨ ᠲᠠᠯᠠᠪᠠᠢ ᠨᠢ 29000 ᠲᠡᠭᠰᠢ ᠳᠥᠷᠪᠡᠯᠵᠢᠨ ᠮᠧᠲᠷ ᠲᠤ ᠬᠦᠷᠴᠡᠢ᠃    14. ᠬᠤᠷᠠᠯ ᠠᠴᠠ ᠦᠬᠠᠢ ᠶᠢᠨ ᠺᠠᠢ ᠵᠢᠶᠧ ᠰᠢᠲᠠᠮᠠᠬᠠᠢ ᠬᠡᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠬᠠᠢ ᠶᠢᠨ ᠴᠠᠬᠢᠯᠭᠠᠨ ᠤ ᠦᠢᠯᠡᠰ ᠤᠨ ᠲᠤᠪᠴᠢᠶ᠎ᠠ ᠶᠢᠨ ᠴᠠᠬᠢᠯᠭᠠᠨ ᠬᠦᠷᠭᠡᠬᠦ ᠬᠠᠮᠢᠶᠠᠷᠤᠯᠲᠠ ᠶᠢᠨ ᠭᠠᠵᠠᠷ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠵᠠᠮ ᠤᠨ ᠭᠠᠵᠠᠷ ᠢ ᠰᠣᠩᠭᠤᠬᠤ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠥᠷᠥᠯ ᠵᠤᠶᠢᠯ ᠨᠢ ᠬᠠᠶᠢᠯᠠ ᠬᠤᠶᠢᠲᠤ ᠵᠠᠮ ᠠᠴᠠ ᠵᠡᠭᠦᠨᠰᠢ᠂ ᠦᠬᠠᠶ ᠶᠢᠨ ᠴᠠᠬᠢᠯᠭᠠᠨ ᠤ ᠤᠶᠢᠯᠡᠰ ᠤᠨ ᠲᠣᠪᠴᠢᠶ᠎ᠠ ᠶᠢᠨ ᠡᠳ᠋ ᠪᠣᠳᠠᠰ ᠤᠨ ᠬᠠᠩᠭᠠᠯᠭ᠎ᠠ ᠶᠢᠨ ᠲᠥᠪ ᠠᠴᠠ ᠬᠤᠶᠢᠰᠢ ᠪᠠᠶᠢᠳᠠᠭ᠃    ᠳᠥᠷᠪᠡ᠂ ᠵᠥᠪᠯᠡᠨ ᠲᠣᠭᠲᠠᠭᠰᠠᠨ ᠵᠦᠢᠯ   15. ᠬᠤᠷᠠᠯ ᠠᠴᠠ ᠥᠪᠥᠷ ᠮᠣᠩᠭᠤᠯ ᠤᠨ ᠳ᠋ᠧ ᠷᠦᠩ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠦᠷᠦᠯ ᠵᠦᠢᠯ ᠤᠨ ᠭᠠᠵᠠᠷ ᠰᠣᠩᠭᠤᠬᠤ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠣᠰ ᠲᠥᠷᠥᠯ ᠵᠤᠶᠢᠯ ᠨᠢ ᠴᠡᠭᠡᠯ ᠠᠭᠤᠯᠠ ᠠᠵᠤ ᠤᠶᠢᠯᠡᠤᠡᠪᠤᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠤᠤᠯ ᠤᠨ ᠬᠡᠷᠡᠭᠯᠡᠭᠰᠡᠨ ᠭᠠᠵᠠᠷ ᠤᠨ ᠲᠠᠯᠠᠪᠠᠶ ᠨᠢ 33214 ᠲᠡᠭᠰᠢ ᠳᠥᠷᠪᠡᠯᠵᠢᠨ ᠮᠧᠲᠷ ᠪᠠᠶᠢᠵᠤ᠂ ᠰᠢᠨ᠎ᠡ ᠪᠠᠷ ᠨᠡᠮᠡᠭᠳᠡᠭᠰᠡᠨ ᠬᠡᠷᠡᠭᠯᠡᠭᠰᠡᠨ ᠭᠠᠵᠠᠷ ᠤᠨ ᠲᠠᠯᠠᠪᠠᠶ ᠨᠢ 6885.48 ᠲᠡᠭᠰᠢ ᠳᠥᠷᠪᠡᠯᠵᠢᠨ ᠮᠧᠲᠷ ᠪᠣᠯᠤᠨ᠎ᠠ᠃ ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠪᠠᠷ ᠨᠡᠮᠡᠭᠳᠡᠭᠰᠡᠨ ᠭᠠᠵᠠᠷ ᠬᠡᠷᠡᠭᠯᠡᠬᠦ ᠭᠠᠷᠳᠠᠮ ᠢ ᠭᠦᠢᠴᠡᠤᠡᠭᠡᠭᠰᠡᠨ ᠤ ᠳᠠᠷᠠᠭ᠎ᠠ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠭᠠᠷᠳᠠᠮ ᠢ ᠨᠥᠬᠦᠵᠦ  ᠭᠦᠢᠴᠡᠤᠡᠭᠡᠨ᠎ᠡ᠃    16. ᠬᠤᠷᠠᠯ ᠠᠴᠠ ᠶᠦᠩ ᠮᠢᠩ ᠤᠨ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠸᠠᠩ ᠵᠢᠶᠤᠤ ᠵᠢᠵᠢᠭ ᠲᠣᠭᠤᠷᠢᠭ ᠤᠨ ᠭᠤᠷᠪᠠᠯᠵᠢᠨ ᠭᠠᠵᠠᠷ ᠲᠤ ᠭᠠᠵᠠᠷ ᠰᠣᠩᠭᠤᠬᠤ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠵᠡᠶ᠃ ᠲᠦᠷᠦᠯ ᠵᠦᠢᠯ ᠨᠢ ᠬᠠᠶᠢᠷᠤᠪ ᠤᠨ ᠳᠤᠬᠤᠢ ᠲᠣᠭᠤᠷᠢᠭ ᠤᠨ ᠠᠷᠠᠳ ᠤᠨ ᠵᠠᠮ ᠤᠨ ᠪᠠᠷᠠᠭᠤᠨ ᠲᠠᠯ᠎ᠠ᠂ ᠳᠡᠮᠤᠷ ᠵᠠᠮ ᠤᠨ ᠬᠤᠶᠢᠲᠤ ᠲᠠᠯ᠎ᠠ ᠳᠤ ᠪᠠᠶᠢᠷᠢᠯᠠᠵᠤ᠂ ᠤᠤᠯ ᠤᠨ ᠬᠡᠷᠡᠭᠯᠡᠭᠰᠡᠨ ᠭᠠᠵᠠᠷ ᠤᠨ ᠳᠠᠯᠠᠪᠠᠢ 43466.9 ᠲᠡᠭᠰᠢ ᠳᠥᠷᠪᠡᠯᠵᠢᠨ ᠮᠧᠲᠷ ᠲᠤ ᠬᠦᠷᠴᠦ᠂ ᠰᠢᠨ᠎ᠡ ᠪᠠᠷ ᠨᠡᠮᠡᠭᠳᠡᠭᠰᠡᠨ ᠬᠡᠷᠡᠭᠯᠡᠭᠰᠡᠨ ᠭᠠᠵᠠᠷ ᠤᠨ ᠳᠠᠯᠠᠪᠠᠢ 1034 ᠲᠡᠭᠰᠢ ᠳᠥᠷᠪᠡᠯᠵᠢᠨ ᠮᠧᠲᠷ ᠲᠤ ᠬᠦᠷᠴᠡᠢ᠃ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠰᠢᠨ᠎ᠡ ᠪᠠᠷ ᠨᠡᠮᠡᠭᠰᠡᠨ ᠭᠠᠵᠠᠷ ᠰᠣᠩᠭᠤᠬᠤ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠲᠡᠮᠦᠷ ᠵᠠᠮ ᠤᠨ ᠬᠠᠮᠠᠭᠠᠯᠠᠯᠲᠠ ᠶᠢᠨ ᠨᠣᠭᠤᠭᠠᠨ ᠭᠠᠵᠠᠷ ᠲᠤ ᠰᠢᠯᠵᠢᠭᠦᠯᠦᠨ᠎ᠡ᠃ ᠬᠤᠶᠠᠷ ᠲᠤ ᠳᠡᠮᠤᠷ ᠵᠠᠮ ᠤᠨ ᠬᠤᠶᠢᠲᠤ ᠲᠠᠯ᠎ᠠ ᠶᠢᠨ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ ᠶᠢᠨ ᠬᠠᠮᠲᠤ ᠭᠠᠵᠠᠷ ᠤᠨ ᠭᠠᠳᠠᠷᠭᠤ ᠶᠢᠨ ᠣᠷᠴᠢᠨ ᠲᠣᠭᠤᠷᠢᠨ ᠢ ᠰᠡᠷᠭᠦᠭᠡᠨ᠎ᠡ᠃    17. ᠬᠤᠷᠠᠯ ᠠᠴᠠ ᠦᠬᠠᠢ ᠶᠢᠨ ᠳᠠᠶᠢᠱᠠᠨ ᠤᠢ ᠰᠢᠭᠤᠢ ᠶᠢᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠲᠦᠷᠦᠯ ᠵᠦᠢᠯ ᠵᠢᠴᠢ ᠰᠢᠨ᠎ᠡ ᠪᠠᠷᠠᠭᠤᠨ ᠱᠤᠭᠤᠮ ᠠᠴᠠ ᠵᠡᠭᠦᠨᠰᠢᠬᠢ ᠵᠠᠮ ᠤᠨ ᠭᠠᠳᠠᠷᠭᠤ ᠶᠢ ᠬᠠᠲᠠᠭᠤᠷᠠᠭᠤᠯᠤᠨ ᠭᠠᠵᠠᠷ ᠰᠣᠩᠭᠤᠬᠤ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠰ ᠲᠦᠷᠦᠯ ᠵᠦᠢᠯ ᠨᠢ ᠳ᠋ᠠᠶᠢᠱᠠᠨ ᠤᠢ ᠰᠢᠭᠤᠢ ᠶᠢᠨ ᠲᠠᠯᠠᠪᠠᠢ᠂ ᠨᠠᠷᠢᠯᠢᠭ ᠡᠳ᠋ᠰᠢᠭᠦᠯᠦᠨ ᠦᠢᠯᠡᠳᠬᠦ ᠬᠦᠷᠢᠶᠡᠯᠡᠩ ᠠᠴᠠ ᠤᠮᠠᠷᠠᠰᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠲᠦᠷᠦᠯ ᠵᠦᠢᠯ ᠳᠤ ᠬᠡᠷᠡᠭᠯᠡᠬᠦ ᠭᠠᠵᠠᠷ ᠤᠨ ᠲᠠᠯᠠᠪᠠᠢ 4657 ᠲᠡᠭᠰᠢ ᠳᠥᠷᠪᠡᠯᠵᠢᠨ ᠮᠧᠲᠷ᠂ ᠰᠢᠨ᠎ᠡ ᠪᠠᠷᠠᠭᠤᠨ ᠱᠤᠭᠤᠮ ᠠᠴᠠ ᠵᠡᠭᠦᠨᠰᠢᠬᠢ ᠵᠠᠮ ᠤᠨ ᠭᠠᠳᠠᠷᠭᠤ ᠶᠢ ᠬᠠᠲᠠᠭᠤᠷᠠᠭᠤᠯᠬᠤ ᠳᠤ ᠬᠡᠷᠡᠭᠯᠡᠬᠦ ᠭᠠᠵᠠᠷ ᠤᠨ ᠲᠠᠯᠠᠪᠠᠢ 23948 ᠲᠡᠭᠰᠢ ᠳᠥᠷᠪᠡᠯᠵᠢᠨ ᠮᠧᠲᠷ ᠃    18. ᠬᠤᠷᠠᠯ ᠠᠴᠠ ᠦᠬᠠᠶ ᠬᠤᠲᠠ ᠶᠢᠨ ᠶᠦᠨ ᠹᠸᠢ ᠲᠠᠷᠢᠶᠠᠯᠠᠩ ᠤᠨ ᠳᠠᠷᠢᠵᠤ ᠲᠡᠵᠢᠭᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠦᠨ ᠰᠢᠶᠠᠩ ᠶᠢᠨ ᠤᠨᠴᠠᠯᠢᠬᠳᠤ ᠦᠵᠦᠮ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠬᠥᠳᠡᠭᠡ ᠲᠣᠰᠬᠤᠨ ᠤ ᠲᠠᠷᠢᠶᠠᠴᠢᠨ ᠠᠶᠢᠯ ᠤᠨ ᠵᠤᠭᠠᠴᠠᠯ᠂ ᠤᠨᠴᠠᠯᠢᠬᠳᠤ ᠰᠡᠯᠡᠭᠦᠴᠡᠯ ᠤᠨ ᠠᠷᠠᠳ ᠤᠨ ᠣᠷᠣᠨ ᠰᠠᠭᠤᠴᠠ ᠵᠢᠴᠢ ᠶᠦᠨ ᠹᠸᠢ ᠦᠵᠦᠮ ᠤᠨ ᠠᠷᠢᠬᠢ ᠶᠢᠨ ᠫᠦᠰᠡ ᠳᠤ ᠬᠡᠷᠡᠭᠯᠡᠬᠦ ᠭᠠᠵᠠᠷ ᠤᠨ ᠭᠠᠵᠠᠷ ᠰᠣᠩᠭᠤᠬᠤ ᠶᠠᠪᠤᠳᠠᠯ ᠢ ᠭᠦᠢᠴᠡᠤᠡᠭᠡᠭᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠣᠰ ᠲᠥᠷᠥᠯ ᠵᠤᠶᠢᠯ ᠨᠢ ᠨᠢᠰᠬᠡᠯ ᠤᠨ ᠪᠠᠭᠤᠳᠠᠯ ᠤᠨ ᠡᠮᠦᠨ᠎ᠡ ᠲᠠᠯ᠎ᠠ ᠳᠤ ᠪᠠᠶᠢᠷᠢᠯᠠᠵᠤ᠂ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠨᠢ 6717.12 ᠲᠡᠭᠰᠢ ᠳᠥᠷᠪᠡᠯᠵᠢᠨ ᠮᠧᠲᠷ᠃    19. ᠬᠤᠷᠠᠯ ᠠᠴᠠ ᠥᠪᠥᠷ ᠮᠣᠩᠭᠤᠯ ᠤᠨ ᠰᠢᠨ ᠲᠢᠶᠠᠨ ᠳ᠋ᠢ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠰᠢᠨ ᠳ᠋ᠡ B ᠲᠣᠭᠤᠷᠢᠭ ᠤᠨ ᠮᠠᠰᠢᠨ ᠲᠡᠷᠭᠡᠨ ᠤ ᠵᠣᠭᠰᠣᠭᠠᠯ ᠤᠨ ᠬᠥᠮᠥᠷᠭᠡ ᠵᠢᠴᠢ ᠰᠢᠨ ᠲᠢᠶᠠᠨ ᠳ᠋ᠢ ᠭᠤᠷᠪᠠᠳᠤᠭᠠᠷ ᠬᠤᠭᠤᠴᠠᠭᠠᠨ ᠤ 12 ᠠᠰᠠᠷ ᠤᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠲᠥᠬᠦᠭᠡᠷᠦᠮᠵᠢ᠂ ᠨᠡᠶᠢᠭᠡᠮ ᠲᠣᠭᠤᠷᠢᠭ ᠤᠨ ᠬᠡᠷᠡᠭᠯᠡᠬᠦ ᠬᠡᠷ ᠪᠠᠶᠢᠰᠢᠩ᠂ 12 ᠠᠰᠠᠷ ᠤᠨ A ᠰᠠᠭᠤᠳᠠᠯ᠂ B ᠰᠠᠭᠤᠳᠠᠯ ᠤᠨ ᠬᠤᠶᠢᠲᠤ ᠲᠠᠯ᠎ᠠ ᠶᠢᠨ ᠨᠠᠷᠠᠪᠴᠢ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠣᠬᠢᠷᠠᠭᠤᠯᠤᠯᠲᠠ ᠶᠢᠨ ᠲᠥᠰᠦᠯ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠰ ᠲᠦᠷᠦᠯ ᠵᠦᠢᠯ ᠨᠢ ᠠᠷᠠᠳ ᠤᠨ ᠡᠮᠦᠨ᠎ᠡ ᠵᠠᠮ ᠤᠨ ᠪᠠᠷᠠᠭᠤᠨ ᠲᠠᠯ᠎ᠠ᠂ ᠭᠠᠨᠳᠧᠷ ᠵᠡᠭᠡᠯᠢ ᠶᠢᠨ ᠬᠤᠶᠢᠲᠤ ᠲᠠᠯ᠎ᠠ ᠳᠤ ᠪᠤᠢ᠃ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ ᠨᠡᠶᠢᠭᠡᠮ ᠲᠣᠭᠤᠷᠢᠭ ᠤᠨ ᠬᠡᠷᠡᠭᠯᠡᠬᠦ ᠭᠡᠷ ᠪᠠᠶᠢᠰᠢᠩ ᠨᠢ ᠬᠤᠶᠢᠲᠤ ᠲᠠᠯ᠎ᠠ ᠶᠢᠨ ᠶᠠᠪᠠᠭᠠᠨ ᠬᠥᠮᠦᠨ ᠤ ᠠᠰᠠᠷ ᠲᠤ ᠨᠡᠷᠡᠨ ᠤ ᠲᠤᠰᠤᠯᠲᠠ ᠶᠢᠨ ᠨᠥᠯᠥᠭᠡ ᠦᠵᠡᠭᠦᠯᠬᠦ ᠰᠠᠭᠤᠭᠠᠯᠢ ᠡᠷᠦᠬᠡ ᠳᠤ ᠪᠣᠯ ᠪᠦᠲᠦᠭᠡᠨ ᠪᠠᠶᠢᠭᠤᠯᠤᠯᠲᠠ ᠶᠢᠨ ᠨᠢᠭᠡᠴᠡ ᠠᠴᠠ ᠤᠷᠢᠳᠠᠪᠠᠷ ᠨᠥᠬᠦᠪᠥᠷᠢ ᠥᠭᠬᠦ ᠬᠡᠯᠡᠯᠴᠡᠭᠡᠷ ᠲᠣᠭᠲᠠᠭᠰᠠᠨ ᠤ ᠳᠠᠷᠠᠭ᠎ᠠ ᠪᠠᠷᠢᠯᠭ᠎ᠠ ᠶᠢᠨ ᠲᠥᠯᠥᠪᠵᠢᠭᠦᠯᠭᠡ ᠶᠢᠨ ᠭᠠᠷ ᠭᠦᠢᠴᠡᠳᠬᠡᠯ ᠢ ᠭᠦᠢᠴᠡᠳᠬᠡᠨ᠎ᠡ᠃ ᠬᠤᠶᠠᠷ ᠲᠤ ᠪᠥᠲᠥᠭᠡᠨ ᠪᠠᠶᠢᠭᠤᠯᠤᠯᠲᠠ ᠶᠢᠨ ᠨᠢᠭᠡᠴᠡ ᠨᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠵᠢᠯᠴᠠᠨ ᠦᠯᠡᠳᠡᠭᠳᠡᠯ ᠠᠰᠠᠭᠤᠳᠠᠯ ᠢ ᠰᠢᠢᠤᠡᠪᠤᠷᠢᠯᠡᠬᠦ ᠶᠢᠨ ᠬᠠᠮᠲᠤ ᠬᠡᠷᠡᠭ ᠡᠷᠬᠢᠯᠡᠬᠦ ᠭᠠᠵᠠᠷ ᠠᠴᠠ ᠳᠡᠭᠡᠷᠡᠬᠢ ᠲᠣᠬᠢᠷᠠᠭᠤᠯᠤᠯᠲᠠ ᠬᠢᠬᠦ ᠤᠴᠢᠷ ᠶᠠᠪᠤᠳᠠᠯ ᠤᠨ ᠲᠤᠬᠠᠶ ᠪᠢᠴᠢᠭ ᠤᠨ ᠰᠠᠨᠠᠯ ᠭᠠᠷᠭᠠᠬᠤ ᠬᠡᠷᠡᠭᠲᠡᠶ᠃    20. ᠬᠤᠷᠠᠯ ᠠᠴᠠ ᠥᠪᠥᠷ ᠮᠣᠩᠭᠤᠯ ᠤᠨ ᠰᠢᠨ ᠲᠢᠶᠠᠨ ᠳ᠋ᠢ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠰᠢᠨ ᠳ᠋ᠡ ᠬᠡᠷ ᠣᠷᠣᠨ ᠤ B ᠲᠣᠭᠤᠷᠢᠭ ᠤᠨ ᠲᠥᠷᠥᠯ ᠵᠤᠶᠢᠯ ᠳᠤ ᠭᠠᠵᠠᠷ ᠰᠢᠷᠣᠶ ᠬᠡᠷᠡᠭᠯᠡᠬᠦ ᠤᠴᠢᠷ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠰ ᠲᠦᠷᠦᠯ ᠵᠦᠢᠯ ᠨᠢ  ᠵᠦᠸᠧ ᠽᠢ ᠱᠠᠨ ᠪᠠᠷᠠᠭᠤᠨ ᠵᠡᠭᠡᠯᠢ ᠶᠢᠨ ᠡᠮᠦᠨ᠎ᠡ ᠲᠠᠯ᠎ᠠ᠂ ᠤᠯᠠᠭᠠᠨ ᠡᠮᠦᠨ᠎ᠡ ᠵᠠᠮ ᠤᠨ ᠵᠡᠭᠦᠨ ᠲᠠᠯ᠎ᠠ ᠳᠤ ᠪᠤᠢ᠃ ᠬᠤᠷᠠᠯ ᠠᠴᠠ ᠱᠠᠭᠠᠷᠳᠠᠭᠰᠠᠨ ᠨᠢ᠂ ᠥᠪᠥᠷ ᠮᠣᠩᠭᠤᠯ ᠤᠨ ᠰᠢᠨ ᠲᠢᠶᠠᠨ ᠳ᠋ᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠾᠧ ᠪᠢᠨ ᠬᠤᠸᠠ᠂  ᠸᠧᠨ ᠰᠢᠤᠸᠠᠢ ᠷᠦ ᠲᠠᠢ ᠬᠤᠪᠢᠳᠠᠨ ᠬᠤᠪᠢᠶᠠᠬᠤ ᠭᠠᠷ ᠭᠦᠢᠴᠡᠳᠬᠡᠯ ᠬᠢᠭᠰᠡᠨ ᠤ ᠳᠠᠷᠠᠭ᠎ᠠ ᠶᠠᠭᠤᠨ ᠤ ᠤᠴᠢᠷ ᠠᠴᠠ 177.75 ᠲᠡᠭᠰᠢ ᠳᠥᠷᠪᠡᠯᠵᠢᠨ ᠮᠧᠲᠷ ᠲᠠᠯᠠᠪᠠᠶ ᠪᠦᠬᠦᠢ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠨᠥᠬᠦᠵᠦ ᠠᠪᠤᠭᠰᠠᠨ ᠪᠤᠶ᠃    21. ᠬᠤᠷᠠᠯᠳᠤᠭᠠᠨ ᠠᠴᠠ ᠳᠤᠮᠳᠠᠳᠤ ᠤᠯᠤᠰ ᠤᠨ ᠴᠢᠯᠠᠭᠤᠨ ᠲᠣᠰᠣᠨ ᠤ ᠲᠡᠮᠡᠭᠡᠨ ᠠᠭᠤᠯᠠ ᠶᠢᠨ ᠲᠣᠰᠣ ᠨᠡᠮᠡᠬᠦ ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ︵ᠬᠠᠭᠤᠯᠪᠤᠷᠢ ᠳᠡᠪᠲᠡᠷ︶᠎ ᠤᠨ ᠵᠢᠩᠬᠢᠨᠢ ᠳᠡᠪᠲᠡᠷ ᠢ ᠰᠣᠯᠢᠬᠤ ᠲᠤᠰ ᠲᠦᠷᠤᠯ ᠵᠦᠢᠯ ᠨᠢ ᠬᠠᠶᠢᠷᠤᠪ ‍ᠤᠨ‌‍ᠲ᠋ᠤᠬᠤᠢ ᠲᠣᠭᠤᠷᠢᠭ ᠤᠨ ᠲᠡᠮᠡᠭᠡᠨ ᠠᠭᠤᠯᠠᠨ ᠳᠤ ᠪᠠᠶᠢᠷᠢᠯᠠᠵᠤ᠂ ᠬᠡᠷᠡᠭᠯᠡᠬᠦ ᠭᠠᠵᠠᠷ ᠤᠨ ᠲᠠᠯᠠᠪᠠᠢ ᠨᠢ 1656 ᠲᠡᠭᠰᠢ ᠳᠥᠷᠪᠡᠯᠵᠢᠨ ᠮᠧᠲᠷ ᠲᠤ ᠬᠦᠷᠴᠡᠢ᠃ ᠪᠠᠷᠢᠯᠭ᠎ᠠ ᠶᠢᠨ ᠲᠠᠯᠠᠪᠠᠶ ᠨᠢ 141.49 ᠲᠡᠭᠰᠢ ᠳᠥᠷᠪᠡᠯᠵᠢᠨ ᠮᠧᠲᠷ᠃ ᠬᠤᠷᠠᠯ ᠠᠴᠠ ᠱᠠᠭᠠᠷᠳᠠᠭᠰᠠᠨ ᠨᠢ᠂ ᠪᠠᠷᠢᠯᠭ᠎ᠠ ᠳᠠᠭᠤᠰᠤᠭᠰᠠᠨ ᠬᠡᠮᠵᠢᠨ ᠵᠢᠷᠤᠭᠯᠠᠯᠲᠠ ᠶᠢᠨ ᠮᠡᠳᠡᠭᠦᠯᠦᠯᠲᠡ ᠶᠢᠨ ᠶᠣᠰᠣᠭᠠᠷ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ  ᠭᠦᠢᠴᠡᠤᠡᠭᠡᠨ᠎ᠡ᠂ ᠡᠭᠦᠨ ᠳᠤ ᠰᠠᠷᠠᠪᠴᠢ ᠨᠢ ᠬᠡᠷᠡᠭᠯᠡᠬᠦ ᠭᠠᠵᠠᠷ ᠤᠨ ᠤᠯᠠᠭᠠᠨ ᠱᠤᠭᠤᠮ ᠠᠴᠠ ᠬᠡᠲᠦᠷᠡᠭᠰᠡᠨ ᠬᠡᠰᠡᠭ ᠢ ᠭᠦᠢᠴᠡᠤᠡᠭᠡᠵᠤ ᠥᠭᠬᠦ ᠥᠬᠡᠶ᠃    22 ᠬᠤᠷᠠᠯ ᠠᠴᠠ ᠦᠬᠠᠶ ᠬᠤᠳᠠ ᠶᠢᠨ ᠶᠢᠨ ᠢᠦᠢ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠢᠨ ᠢᠦᠢ ᠵᠠᠬ᠎ᠠ ᠳᠡᠯᠭᠡᠭᠦᠷ ᠤᠨ ᠲᠦᠷ ᠴᠠᠭ ᠤᠨ ᠬᠥᠮᠥᠷᠭᠡ ᠪᠠᠶᠢᠭᠤᠯᠬᠤ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠣᠰ ᠲᠥᠷᠥᠯ ᠵᠤᠶᠢᠯ ᠨᠢ ᠨᠢᠰᠬᠡᠯ ᠤᠨ ᠪᠠᠭᠤᠳᠠᠯ ᠵᠠᠮ ᠤᠨ ᠪᠠᠷᠠᠭᠤᠨ ᠬᠤᠶᠢᠲᠤ ᠥᠷᠭᠡᠷᠢᠭ ᠤᠨ ᠳᠥᠷᠪᠡᠳᠦᠭᠡᠷ ᠵᠡᠭᠡᠯᠢ ᠶᠢᠨ ᠬᠤᠶᠢᠲᠤ ᠲᠠᠯ᠎ᠠ᠂ ᠶᠢᠨ ᠢᠦᠶ ᠵᠠᠬ᠎ᠠ ᠳᠡᠯᠭᠡᠭᠦᠷ ᠤᠨ ᠡᠮᠦᠨ᠎ᠡ ᠡᠭᠦᠳᠡᠨ ᠤ ᠵᠡᠭᠦᠨ ᠪᠠᠷᠠᠭᠤᠨ ᠬᠤᠶᠠᠷ ᠲᠠᠯ᠎ᠠ ᠳᠤ ᠪᠠᠶᠢᠷᠢᠯᠠᠵᠤ᠂ ᠲᠦᠷ ᠴᠠᠭ ᠤᠨ ᠬᠥᠮᠥᠷᠭᠡ ᠶᠢᠨ ᠲᠠᠯᠠᠪᠠᠶ ᠨᠢ 2453 ᠲᠡᠭᠰᠢ ᠳᠥᠷᠪᠡᠯᠵᠢᠨ ᠮᠧᠲᠷ ᠪᠣᠯᠤᠨ᠎ᠠ᠃ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠪᠥᠲᠥᠭᠡᠨ ᠪᠠᠶᠢᠭᠤᠯᠤᠯᠲᠠ ᠶᠢᠨ ᠨᠢᠭᠡᠴᠡ ᠨᠢ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠠᠷᠢᠯᠭ᠎ᠠ ᠶᠢᠨ ᠠᠮᠤᠷ ᠲᠦᠪᠰᠢᠨ ᠤ ᠲᠤᠬᠠᠶ ᠳᠠᠩᠰᠠᠯᠠᠭᠤᠯᠤᠭᠰᠠᠨ ᠰᠠᠨᠠᠯ ᠢ ᠤᠯᠬᠤ ᠬᠡᠷᠡᠭᠲᠡᠶ᠃ ᠬᠤᠶᠠᠷ ᠲᠤ ᠪᠦᠳᠦᠭᠡᠨ ᠪᠠᠶᠢᠭᠤᠯᠬᠤ ᠨᠢᠭᠡᠴᠢ ᠨᠢ ᠳᠣᠣᠷᠠᠬᠢ ᠮᠡᠲᠦ ᠪᠢᠴᠢᠭ ᠤᠨ ᠠᠮᠠᠯᠠᠯᠲᠠ ᠬᠢᠬᠦ ᠬᠡᠷᠡᠭᠲᠡᠶ᠂ ᠲᠦᠷ ᠴᠠᠭ ᠤᠨ ᠬᠥᠮᠥᠷᠭᠡ ᠶᠢ ᠵᠥᠪᠬᠡᠨ ᠬᠥᠮᠥᠷᠭᠡ ᠶᠢᠨ ᠬᠤᠪᠢ ᠪᠠᠷ ᠬᠡᠷᠡᠭᠯᠡᠨ᠎ᠡ᠂ ᠭᠠᠳᠠᠭᠰᠢ ᠡᠵᠡᠩᠨᠡᠯᠲᠡ ᠶᠢᠨ ᠠᠵᠢᠯᠯᠠᠭ᠎ᠠ ᠬᠢᠵᠦ ᠪᠣᠯᠬᠤ ᠦᠭᠡᠢ︔ ᠬᠡᠷᠡᠭᠯᠡᠬᠦ ᠬᠤᠭᠤᠴᠠᠭ᠎ᠠ ᠨᠢ ᠬᠤᠶᠠᠷ ᠵᠢᠯ ᠪᠣᠯᠤᠨ᠎ᠠ᠂ ᠬᠤᠭᠤᠴᠠᠭ᠎ᠠ ᠨᠢ ᠳᠦᠭᠦᠷᠦᠭᠰᠡᠨ ᠤ ᠲᠠᠷᠠᠭ᠎ᠠ ᠨᠥᠬᠦᠴᠡᠯ ᠦᠭᠡᠢ ᠪᠠᠷ ᠥᠪᠡᠰᠦᠪᠡᠨ ᠨᠤᠷᠠᠭᠠᠨ᠎ᠠ᠃    23. ᠬᠤᠷᠠᠯ ᠠᠴᠠ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠡᠮᠦᠨ᠎ᠡ ᠵᠠᠮ ᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠢᠨᠵᠧᠨᠧᠷᠢᠩ ᠤᠨ ᠲᠥᠷᠥᠯ ᠲᠤᠰ ᠲᠦᠷᠦᠯ ᠵᠦᠢᠯ ᠨᠢ ᠬᠠᠶᠢᠷᠤᠪ ᠤᠨ ᠲᠤᠬᠤᠢ ᠲᠣᠭᠤᠷᠢᠭ ᠤᠨ ᠭᠠᠨᠳᠠᠷᠢ ᠵᠡᠭᠡᠯᠢ ᠶᠢᠨ ᠡᠮᠦᠨ᠎ᠡ ᠪᠠᠶᠢᠷᠢᠯᠠᠵᠤ᠂ ᠪᠦᠳᠦᠭᠡᠨ ᠪᠠᠶᠢᠭᠤᠯᠤᠯᠲᠠ ᠶᠢᠨ ᠵᠠᠮ ᠤᠨ ᠪᠠᠷᠠᠭᠤᠨ ᠲᠠᠯ᠎ᠠ ᠳᠤ ᠪᠠᠶᠢᠷᠢᠯᠠᠵᠤ᠂ 3661 ᠲᠡᠭᠰᠢ ᠳᠥᠷᠪᠡᠯᠵᠢᠨ ᠮᠧᠳ᠋ᠷ ᠲᠠᠯᠠᠪᠠᠢ ᠲᠠᠢ᠃    ᠬᠤᠷᠠᠯ ᠳᠤ ᠣᠷᠣᠯᠴᠠᠭᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠰᠦᠲᠦᠪᠢᠯᠢᠭ᠂ ᠵᠦ ᠯᠢ ᠬᠤᠸᠠ᠂ ᠲᠣᠭᠤᠷᠢᠭ ᠤᠨ ᠳᠡᠳ᠋ ᠳᠠᠷᠤᠭ᠎ᠠ ᠶᠠᠩ  ᠳ᠋ᠥᠸᠧ     ᠬᠤᠷᠠᠯ ᠳᠤ ᠣᠷᠣᠯᠴᠠᠭᠰᠠᠨ ᠨᠢᠭᠡᠴᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠯᠢᠦ ᠵᠢᠶ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠦᠦ ᠹᠧᠩ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠸᠠᠩ ᠸᠧᠨ ᠹᠠᠩ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ  ᠮᠠ ᠯᠢ ᠶᠠ᠂ ᠲᠣᠭᠤᠷᠢᠭ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠮᠠ ᠽᠢ ᠯᠢᠶᠠᠩ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠸᠠᠩ ᠲᠤᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠢᠨ‌‍ᠲ᠋ᠣᠭᠤᠷᠢᠭ ᠤᠨ ᠡᠨᠧᠷᠭᠢ ᠶᠢᠨ ᠲᠣᠪᠴᠢᠶ᠎ᠠ ᠶᠢᠨ ᠯᠢ ᠹᠧᠩ ᠭᠤᠸᠠᠩ ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠶᠧ  ᠫᠧᠩ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠴᠧᠨ ᠰᠢᠶᠤᠤ ᠢᠦᠶ᠂ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ ᠵᠣᠣ ᠫᠸᠢ ᠵᠢᠢ᠂ ᠬᠠᠶᠢᠷᠤᠪ ᠤᠨ ᠲᠤᠬᠤᠢ ᠤᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠮᠠ ᠵᠢᠶᠠᠨ᠂ ᠲᠣᠭᠤᠷᠢᠭ ᠤᠨ ᠭᠠᠵᠠᠷ ᠰᠢᠷᠣᠶ ᠬᠡᠷ ᠪᠠᠶᠢᠰᠢᠩ ᠲᠠᠲᠠᠪᠤᠷᠢᠯᠠᠬᠤ  ᠤᠶᠢᠯᠡᠴᠢᠯᠡᠭᠡᠨ ᠤ ᠲᠥᠪ ᠤᠨ  ᠭᠧ ᠴᠧᠨ ᠭᠤᠸᠠᠩ᠂ ᠲᠣᠭᠤᠷᠢᠭ ᠤᠨ ᠡᠷᠡᠭᠦᠯ ᠬᠠᠮᠠᠭᠠᠯᠠᠯ ᠤᠨ ᠵᠥᠪᠯᠡᠯ ᠤᠨ ᠯᠦᠸᠧ ᠶᠠᠨ᠂  ᠴᠡᠭᠡᠯ ᠠᠭᠤᠯᠠ ᠪᠠᠯᠭᠠᠰᠤᠨ ᠤ ᠯᠢᠦ ᠶᠠᠩ᠂ ᠬᠠᠶ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠣᠣ  ᠹᠧᠩ᠂  ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠩ ᠱᠤ᠋ ᠵᠢᠶᠦ᠋ᠨ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠮᠠ ᠵᠢᠶᠠ ᠯᠦ᠂ ᠰᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠠᠩ ᠸᠧᠨ ᠪᠥᠸᠧ᠂ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤ ᠵᠢᠶᠠ ᠮᠢᠨ᠂ ᠠᠮᠢ ᠠᠬᠤᠶ ᠶᠢᠨ ᠣᠷᠴᠢᠨ ᠨᠥᠬᠦᠴᠡᠯ ᠤᠨ ᠬᠤᠪᠢᠶᠠᠷᠢ ᠲᠣᠪᠴᠢᠶ᠎ᠠ ᠶᠢᠨ ᠵᠠᠩ ᠸᠧᠶ᠂ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠴᠧᠨ ᠯᠢ᠃                     2023 ᠣᠨ ᠤ 12 ᠰᠠᠷ᠎ᠠ ᠶᠢᠨ 1᠎ ᠤ ᠡᠳᠤᠷ
政府公报内页(5).jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号