ᠴᠢᠰᠤᠨ ᠳᠠᠷᠤᠯᠲᠠ ᠥᠨᠳᠥᠷ ᠡᠪᠡᠳᠴᠢᠨ ᠭᠤᠤᠯ ᠨᠢ ᠢᠳᠡᠷ ᠥᠲᠡᠯᠦᠭᠡ ᠬᠥᠮᠥᠰ ᠤᠨ ᠪᠡᠶ᠎ᠡ ᠳᠡᠭᠡᠷ᠎ᠡ | ᠢᠯᠡᠷᠡᠳᠡᠭ ᠪᠠᠶᠢᠬᠰᠠᠨ ᠪᠤᠯ ᠤᠳᠤ ᠬᠠᠷᠢᠨ ᠵᠠᠯᠠᠭᠤᠴᠤᠳ ᠤᠨ ᠳᠣᠮᠳᠠ ᠤᠯᠠᠨ ᠭᠠᠷᠬᠤ ᠪᠤᠯᠤᠬᠰᠠᠨ ᠪᠠᠶᠢᠳᠠᠭ᠃ | ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠰᠢᠮ᠎ᠡ ᠲᠡᠵᠢᠭᠡᠯ ᠪᠣᠯᠣᠨ ᠤᠳᠠᠭᠠᠨ ᠴᠢᠨᠠᠷᠲᠠᠢ | ᠡᠪᠡᠳᠴᠢᠨ ᠤ ᠪᠠᠶᠢᠳᠠᠯ ᠤᠨ ᠲᠤᠬᠠᠢ ᠮᠡᠳᠡᠭᠦᠯᠦᠯᠲᠡ︾ ᠠᠴᠠ ᠦᠵᠡᠪᠡᠯ᠂ ᠮᠠᠨ ᠤ ᠤᠯᠤᠰ ᠤᠨ 18 ᠨᠠᠰᠦ | ᠬᠦᠷᠦᠭᠰᠡᠨ ᠢᠷᠬᠡᠳ ᠤᠨ ᠴᠢᠰᠤᠨ ᠳᠠᠷᠤᠯᠲᠠ ᠥᠨᠳᠥᠷ ᠡᠪᠡᠳᠴᠢᠨ ᠣᠯᠬᠤ ᠨᠣᠷᠮ᠎ᠠ 27.5% ᠳᠤ ᠬᠦᠷᠴᠦ᠂ | ᠡᠪᠡᠳᠴᠢᠲᠡᠨ ᠤ ᠲᠤᠭ᠎ᠠ ᠨᠢᠭᠡᠨᠲᠡ 2 ᠳ᠋ᠦᠩᠰᠢᠭᠤᠷ 4500 ᠲᠦᠮᠡ ᠢ ᠳᠠᠪᠠᠵᠠᠢ᠃ ᠡᠭᠦᠨ ᠳᠤ 18 ᠠᠴᠠ 44 | ᠨᠠᠰᠤᠨ ᠤ ᠬᠦᠮᠦᠰ 13.3% ᠶᠢ ᠡᠵᠡᠯᠡᠵᠦ ᠪᠠᠶᠢᠭ᠎ᠠ ᠶᠤᠮ ᠪᠠᠶᠢᠨ᠎ᠠ᠃ ᠰᠤᠳᠤᠯᠭᠠᠨ ᠠᠴᠠ ᠦᠵᠡᠪᠡᠯ᠂ | ᠳᠡᠩᠴᠡᠬᠦᠬᠡᠨ ᠪᠥᠭᠡᠳ ᠵᠦᠢ ᠵᠤᠬᠢᠰᠳᠠᠢ ᠬᠥᠳᠡᠯᠭᠡᠭᠡᠨ ᠨᠢ ᠰᠣᠯᠪᠢᠭᠤ ᠮᠡᠳᠡᠷᠡᠯ ᠤᠨ ᠰᠢᠰᠲ᠋ᠧᠮ ᠢ ᠳᠠᠶᠢᠪᠤᠩ | ᠪᠠᠶᠢᠯᠭᠠᠵᠦ᠂ ᠴᠢᠰᠤᠨ ᠰᠤᠳᠠᠯ ᠢ ᠳᠡᠯᠡᠬᠦ ᠪᠣᠳᠠᠰ ᠢ ᠨᠡᠮᠡᠭᠳᠡᠭᠦᠯᠦᠨ᠂ ᠠᠷᠠᠰᠤᠨ ᠳᠣᠣᠷᠠᠬᠢ ᠲᠡᠯᠡᠯᠲᠡ ᠶᠢ | ᠰᠠᠶᠢᠵᠢᠷᠠᠭᠤᠯᠵᠤ᠂ ᠰᠢᠬᠢᠷ ᠪᠤᠯᠤᠨ ᠦᠬᠡᠬᠦᠨ ᠤ ᠰᠣᠯᠢᠯᠴᠠᠭ᠎ᠠ ᠶᠢ ᠠᠬᠢᠭᠤᠯᠤᠨ᠂ ᠴᠢᠰᠤᠨ ᠳᠠᠷᠤᠯᠲᠠ | ᠥᠨᠳᠥᠷᠵᠢᠬᠦ ᠶᠢ ᠤᠷᠢᠳᠴᠢᠯᠠᠨ ᠰᠡᠷᠭᠡᠶᠢᠯᠡᠬᠦ ᠪᠠ ᠲᠣᠭᠲᠠᠪᠤᠷᠢᠵᠢᠭᠤᠯᠵᠤ ᠴᠢᠳᠠᠳᠠᠭ ᠶᠤᠮ ᠪᠠᠶᠢᠨ᠎ᠠ᠃ | ᠭᠠᠷᠠᠭ ᠪᠦᠷᠢ 3 ᠡᠳᠦᠷ ᠪᠤᠶᠤ 3 ᠡᠳᠦᠷ ᠠᠴᠠ ᠳᠡᠭᠡᠭᠰᠢ᠂ ᠤᠳᠠᠭ᠎ᠠ ᠪᠦᠷᠢ 30 ᠮᠢᠨᠦ᠋ᠲ ᠠᠴᠠ ᠳᠡᠭᠡᠭᠰᠢ | ᠳᠡᠩᠴᠡᠬᠦᠬᠡᠨ ᠬᠦᠴᠦᠯᠡᠴᠡ ᠲᠠᠢ ᠬᠥᠳᠡᠯᠭᠡᠭᠡᠨ ᠬᠢᠪᠡᠯ ᠠᠪᠴᠢᠯᠲᠠ ᠶᠢᠨ ᠳᠠᠷᠤᠯᠲᠠ ᠶᠢ 5~17 ᠮᠢᠯᠢᠮᠧᠳ᠋ᠷ | ᠮᠥᠩᠭᠦᠨ ᠤᠰᠤᠨ ᠪᠠᠭᠠᠨ᠎ᠠ ᠪᠠᠷ ᠪᠠᠭᠤᠷᠠᠭᠤᠯᠵᠦ᠂ ᠲᠡᠯᠡᠯᠲᠡ ᠶᠢᠨ ᠳᠠᠷᠤᠯᠲᠠ ᠶᠢ 2~10 ᠮᠢᠯᠢᠮᠧᠳ᠋ᠷ ᠮᠥᠩᠭᠦᠨ | ᠤᠰᠤᠨ ᠪᠠᠭᠠᠨ᠎ᠠ ᠪᠠᠷ ᠪᠠᠭᠤᠷᠠᠭᠤᠯᠳᠠᠭ ᠶᠤᠮ ᠪᠠᠶᠢᠨ᠎ᠠ᠃ ᠵᠢᠱᠢᠶᠡᠯᠡᠪᠡᠯ ᠳᠤᠭᠤᠢ ᠤᠨᠤᠬᠤ᠂ ᠤᠰᠤᠨ ᠳᠤ ᠤᠮᠪᠠᠭ᠋ᠤ᠂ | ᠬᠦᠶᠦᠬᠦ᠂ ᠥᠳᠥᠨ ᠪᠥᠮᠪᠦᠭᠡ᠂ ᠪᠡᠶ᠎ᠡ ᠴᠢᠭᠢᠷᠠᠭᠵᠢᠭᠤᠯᠬᠤ ᠲᠠᠮᠢᠷ᠂ ᠪᠦᠯᠬᠦᠮ ᠨᠡᠶᠢᠲᠡ ᠶᠢᠨ ᠲᠠᠮᠢᠷ ᠤᠨ | ᠬᠥᠳᠡᠯᠭᠡᠭᠡᠨ ᠵᠡᠷᠭᠡ ᠨᠢ ᠪᠦᠷ ᠴᠢᠰᠤᠨ ᠳᠠᠷᠤᠯᠲᠠ ᠥᠨᠳᠥᠷ ᠡᠪᠡᠳᠴᠢᠨ ᠢ ᠨᠠᠮᠳᠠᠭᠠᠬᠤ ᠳᠤ ᠮᠠᠰᠢ ᠲᠣᠬᠢᠷᠠᠮᠵᠢᠲᠠᠢ | ᠶᠤᠮ᠃ | |