ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 17 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/11
      12 ᠰᠠᠷ᠎ᠠ ᠶᠢᠨ 9᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 17 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠵᠢᠴᠢ ᠬᠤᠳᠠ ᠶᠢᠨ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠴᠢᠩᠬᠤᠸᠠ ᠶᠡᠭᠡ ᠰᠤᠷᠭᠠᠭᠤᠯᠢ ᠶᠢᠨ ᠲᠡᠦᠬᠡ ᠶᠢᠨ ᠤᠬᠠᠭᠠᠨ ᠤ ᠳ᠋ᠣᠺᠲ᠋ᠣᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ ᠤᠨ ᠳᠡᠳ᠋ ᠡᠷᠬᠢᠯᠡᠭᠴᠢ ᠼᠦᠢ ᠰᠧ ᠫᠦ᠋ᠩ ᠢ ᠤᠷᠢᠵᠤ ︽ᠤᠮᠠᠷᠠᠲᠤ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤᠮᠳᠠᠬᠢ ᠪᠠᠶᠢᠷᠢ ᠰᠠᠭᠤᠷᠢ ᠪᠠ ᠦᠢᠯᠡᠳᠦᠯ︾᠎ ᠢᠶᠠᠷ ᠭᠤᠣᠯ ᠰᠡᠳᠦᠪ ᠪᠣᠯᠭᠠᠵᠤ᠂ ᠠᠮᠢᠳᠤᠯᠢᠭ ᠵᠢᠱᠢᠶ᠎ᠡ ᠶᠢ ᠣᠷᠣᠭᠤᠯᠤᠨ ᠠᠪᠴᠢᠷᠠᠵᠤ᠂ ᠣᠳᠣᠬᠠᠨ ᠤ ᠬᠠᠯᠠᠭᠤᠨ ᠴᠡᠭ ᠤᠨ ᠠᠰᠠᠭᠤᠳᠠᠯ ᠲᠠᠢ ᠬᠠᠷᠢᠯᠴᠠᠵᠤ᠂ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠡᠭᠦᠨ ᠤ ᠳᠣᠲᠣᠷ᠎ᠠ ᠲᠤᠰ ᠲᠤᠰ ᠤᠨ ᠲᠡᠦᠬᠡᠲᠦ ᠦᠢᠯᠡᠳᠦᠯ ᠢᠶᠠᠨ ᠪᠠᠳᠠᠷᠠᠭᠤᠯᠬᠤ ᠶᠢ ᠬᠠᠷᠠᠭᠤᠯᠪᠠ᠃ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ᠨᠢᠭᠡ ︽ᠪᠠᠬᠢᠯᠡᠯᠲᠡ︾᠎ ᠶᠢ ᠪᠥᠲᠥᠭᠡᠨ ᠪᠠᠶᠢᠭᠤᠯᠬᠤ ᠪᠣᠯ ᠣᠶᠢᠷ᠎ᠠ ᠶᠢᠨ ᠵᠢᠯ ᠤᠨ ᠲᠤᠷᠰᠢᠬᠢ ᠨᠠᠮ ᠪᠠ ᠤᠯᠤᠰ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠮᠥᠨ᠂ ᠳᠡᠭᠡᠷ᠎ᠡ ᠳᠤᠷᠠᠳᠤᠭᠰᠠᠨ ᠪᠠᠶᠢᠷᠢ ᠲᠣᠭᠲᠠᠭᠠᠯᠲᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠨᠢ ᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠪᠠ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠠᠬᠢ ᠪᠠᠶᠢᠷᠢ ᠰᠠᠭᠤᠷᠢ ᠶᠢ ᠢᠯᠡᠷᠡᠭᠦᠯᠵᠦ ᠪᠠᠶᠢᠨ᠎ᠠ᠃      ᠲᠣᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠨᠠᠩ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠡᠵᠡᠮᠰᠢᠨ ᠲᠤᠤᠱᠯᠠᠭᠤᠯᠵᠤ᠂ ︽ᠳᠥᠷᠪᠡᠨ ᠤᠬᠠᠮᠰᠠᠷ︾᠎ ᠢᠶᠠᠨ ᠲᠠᠰᠤᠷᠠᠯᠲᠠ ᠥᠬᠡᠶ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠡᠯ᠎ᠡ ᠨᠢᠭᠡᠴᠡ ᠰᠠᠯᠠᠭ᠎ᠠ ᠮᠥᠴᠢᠷ ᠤᠳ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠦᠢᠯᠡᠴᠢᠯᠡᠭᠡᠨ ᠤ ᠠᠵᠢᠯ ᠳᠤ ᠦᠨᠡᠨ ᠪᠣᠳᠠᠲᠠᠶ ᠪᠠᠷ ᠠᠭᠤᠰᠤᠯᠴᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号