ᠺᠦᠩ ᠸᠧᠶ᠄ ᠪᠣᠳᠠᠲᠠᠶ ᠠᠵᠢᠯᠯᠠᠬᠤ ᠪᠠᠷ ᠠᠷᠠᠳ ᠤᠨ ᠢᠲᠡᠭᠡᠯ ᠢ ᠣᠯᠵᠤ᠂ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/12/14
ᠴᠡᠭᠡᠯ ᠠᠭᠤᠯᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠺᠦᠩ ᠸᠧᠶ᠄      ︽ᠶᠡᠷᠦᠩᠬᠡᠢ ᠱᠦᠵᠢ ᠰᠢ ᠶᠢᠨ ᠫᠢᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷ᠎ᠡ᠄ ︿ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠦᠨ᠎ᠡ﹀ ᠭᠡᠵᠦ ᠵᠢᠭᠠᠵᠤ ᠭᠠᠷᠭᠠᠪᠠ᠃ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠴᠡᠭᠡᠯ ᠠᠭᠤᠯᠠ ᠪᠠᠯᠭᠠᠰᠤ ᠪᠠᠯᠭᠠᠰᠤ ᠲᠣᠰᠬᠤᠨ ᠤ ᠺᠠᠳ᠋ᠷ ᠢ ᠳᠠᠶᠢᠴᠢᠯᠠᠨ ᠵᠡᠭᠡᠯᠢ ᠭᠤᠳᠤᠮᠵᠢ ᠶᠢᠨ ᠲᠠᠷᠢᠶᠠᠴᠢᠨ ᠡᠷᠦᠬᠡ᠂ ᠤᠶᠢᠯᠡᠤᠡᠪᠤᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ 12345 ᠬᠤᠲᠠ ᠶᠢᠨ ᠠᠷᠠᠳ ᠤᠨ ᠤᠶᠢᠯᠡᠴᠢᠯᠡᠭᠡᠨ ᠤ ᠬᠠᠯᠠᠮᠰᠢᠯ ᠤᠲᠠᠰᠤ ᠪᠠᠷ ᠲᠤᠰᠬᠠᠭᠰᠠᠨ ᠬᠡᠷᠡᠭ ᠲᠠᠢ ᠤᠶᠠᠯᠳᠤᠭᠤᠯᠤᠨ᠂ ᠠᠷᠠᠳ ᠣᠯᠠᠨ ᠤ ᠪᠠᠴᠢᠮ ᠬᠦᠴᠢᠷ ᠵᠣᠪᠠᠭᠤᠷᠢ ᠲᠠᠢ ᠡᠪᠡᠳᠴᠢᠨ ᠦᠵᠡᠭᠦᠯᠬᠦ᠂ ᠳᠤᠯᠠᠭᠠᠯᠠᠭ᠎ᠠ ᠬᠠᠩᠭᠠᠬᠤ᠂ ᠲᠠᠷᠢᠶᠠᠯᠠᠩ ᠤᠶᠢᠯᠡᠤᠡᠪᠤᠷᠢᠯᠡᠯ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠬᠦᠴᠦ ᠣᠷᠣᠭᠤᠯᠤᠨ ᠬᠦᠴᠢᠷ ᠠᠰᠠᠭᠤᠳᠠᠯ ᠢ  ᠰᠢᠢᠤᠡᠪᠤᠷᠢᠯᠡᠵᠤ᠂ ᠪᠣᠳᠠᠲᠤ ᠶᠠᠪᠤᠳᠠᠯ ᠬᠢᠵᠦ ᠥᠭᠪᠡ᠃ ᠴᠡᠭᠡᠯ ᠠᠭᠤᠯᠠ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ 2006 ᠣᠨ ᠳᠤ ᠪᠠᠶᠢᠭᠤᠯᠤᠭᠳᠠᠵᠤ᠂ ᠤᠳᠠᠭᠠᠨ ᠵᠢᠯ ᠵᠠᠰᠠᠭᠰᠠᠨ ᠦᠭᠡᠢ ᠠᠴᠠ ᠪᠣᠯᠵᠤ᠂ ᠡᠮᠨᠡᠯᠭᠡ ᠶᠢᠨ ᠬᠤᠷᠢᠶᠠᠨ ᠤ ᠲᠥᠬᠦᠭᠡᠷᠦᠮᠵᠢ ᠬᠠᠭᠤᠴᠢᠷᠠᠵᠤ᠂ ᠳᠤᠯᠠᠭᠠᠯᠠᠭ᠎ᠠ ᠬᠠᠩᠭᠠᠬᠤ ᠳᠤ ᠳᠠᠯᠳᠠ ᠭᠡᠮ ᠣᠷᠣᠰᠢᠵᠤ ᠪᠠᠶᠢᠨ᠎ᠠ᠂ ᠡᠭᠦᠨ ᠤ ᠲᠥᠯᠥᠭᠡ ᠪᠢᠳᠡ ᠢᠳᠡᠪᠬᠢᠲᠡᠢ ᠵᠣᠬᠢᠴᠠᠭᠤᠯᠵᠤ᠂ ᠴᠡᠭᠡᠯ ᠠᠭᠤᠯᠠ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ ᠰᠢᠨ᠎ᠡ ᠪᠠᠷ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠨᠢ ᠰᠠᠶᠢᠵᠢᠷᠠᠭᠤᠯᠪᠠ᠃      ᠲᠠᠷᠠᠭᠠᠴᠢ ᠶᠢᠨ ᠠᠯᠬᠤᠮ ᠳᠤ᠂ ᠴᠡᠭᠡᠯ ᠠᠭᠤᠯᠠ ᠪᠠᠯᠭᠠᠰᠤ ᠦᠷᠭᠦᠯᠵᠢᠯᠡᠨ ᠪᠣᠳᠠᠲᠠᠶ ᠠᠵᠢᠯᠯᠠᠬᠤ ᠪᠠᠷ ᠬᠥᠭᠵᠢᠯᠲᠡ ᠶᠢ ᠠᠬᠢᠭᠤᠯᠵᠤ᠂ ᠠᠷᠠᠳ ᠤᠨ ᠢᠲᠡᠭᠡᠯ ᠢ ᠣᠯᠵᠤ᠂ ᠭᠤᠤᠯ ᠰᠡᠳᠦᠪᠲᠦ ᠬᠥᠮᠦᠵᠢᠯ ᠤᠨ ︿ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ﹀ ᠳᠡᠭᠡᠷ᠎ᠡ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠤᠨ᠎ᠠ᠃︾ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号