ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠭᠠᠯ ᠰᠡᠷᠭᠡᠶᠢᠯᠡᠬᠦ ᠠᠮᠤᠷ ᠲᠦᠪᠰᠢᠨ ᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/14
      12 ᠰᠠᠷ᠎ᠠ ᠶᠢᠨ 14 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠤᠯᠠᠭᠵᠤ᠂ ᠠᠮᠢ ᠨᠠᠰᠤ ᠶᠢ ᠳᠡᠭᠡᠳᠦᠯᠡᠬᠦ︾ ᠭᠠᠯ ᠰᠡᠷᠭᠡᠶᠢᠯᠡᠬᠦ ᠠᠮᠤᠷ ᠲᠦᠪᠰᠢᠨ ᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃
640.png
           ᠪᠣᠯᠪᠠᠰᠤᠷᠠᠭᠤᠯᠤᠯ ᠨᠢ ᠬᠡᠷᠡᠭ ᠤᠨ ᠵᠢᠱᠢᠶ᠎ᠡ ᠶᠢ ᠸᠢᠳᠢᠣ᠋ ᠶᠢᠨ ᠠᠷᠭ᠎ᠠ ᠮᠠᠶ᠋ᠢᠭ ᠲᠠᠢ ᠤᠶᠠᠯᠳᠤᠭᠤᠯᠤᠨ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠬᠤ ᠵᠢᠴᠢ ᠥᠪᠡᠷ ᠢ ᠪᠠᠨ ᠠᠪᠤᠷᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠡᠳᠦᠷ ᠲᠤᠲᠤᠮ ᠤᠨ ᠭᠠᠯ ᠬᠡᠷᠡᠭᠯᠡᠬᠦ ᠪᠠ ᠴᠠᠬᠢᠯᠭᠠᠨ ᠬᠡᠷᠡᠭᠯᠡᠬᠦ ᠲᠠᠯ᠎ᠠ ᠶᠢᠨ ᠠᠮᠤᠷ ᠲᠦᠪᠰᠢᠨ ᠤ ᠭᠠᠯ ᠰᠡᠷᠭᠡᠶᠢᠯᠡᠬᠦ ᠮᠡᠳᠡᠯᠭᠡ᠂ ᠠᠮᠢ ᠵᠢᠭᠤᠲᠠᠬᠤ ᠮᠡᠷᠭᠡᠵᠢᠯ ᠵᠢᠴᠢ ᠡᠯ᠎ᠡ ᠲᠥᠷᠥᠯ ᠤᠨ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠵᠡᠷᠭᠡ ᠳᠤ ᠨᠠᠷᠢᠨ ᠲᠠᠶᠢᠯᠪᠤᠷᠢᠯᠠᠯᠲᠠ ᠬᠢᠭᠰᠡᠨ ᠪᠥᠭᠡᠳ ᠲᠤᠬᠠᠶ ᠶᠢᠨ ᠲᠠᠯᠠᠪᠤᠷ ᠤᠨ ᠦᠵᠡᠭᠦᠯᠦᠯᠭᠡ ᠬᠢᠵᠡᠶ᠃      ᠪᠣᠯᠪᠠᠰᠤᠷᠠᠭᠤᠯᠤᠯ ᠢᠶᠠᠷ ᠳᠡᠮᠵᠢᠨ᠂ ᠣᠯᠠᠨ ᠢᠶᠠᠷ ᠢᠶᠠᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠤᠬᠠᠶ ᠨᠠᠩ ᠭᠦᠨ ᠳᠠᠪᠬᠤᠷᠭ᠎ᠠ ᠶᠢᠨ ᠣᠶᠢᠯᠠᠭᠠᠯᠲᠠ ᠲᠠᠢ ᠪᠣᠯᠵᠣ᠂ ᠭᠠᠯ ᠤᠨ ᠭᠠᠮᠰᠢᠭ ᠤᠨ ᠳᠠᠯᠳᠠ ᠬᠡᠮ ᠢ ᠪᠠᠶᠢᠴᠠᠭᠠᠬᠤ ᠴᠢᠳᠠᠪᠤᠷᠢ᠂ ᠠᠩᠬᠠᠨ ᠤ ᠬᠤᠭᠤᠴᠠᠭᠠᠨ ᠤ ᠭᠠᠯ ᠤᠨ ᠠᠶᠤᠯ ᠠᠴᠠ ᠠᠪᠤᠷᠠᠬᠤ ᠴᠢᠳᠠᠪᠤᠷᠢ᠂ ᠠᠮᠢ ᠵᠢᠭᠤᠲᠠᠬᠤ ᠴᠢᠳᠠᠪᠤᠷᠢ ᠶᠢ ᠵᠣᠬᠢᠶᠠᠨ ᠪᠠᠶᠢᠭᠤᠯᠬᠤ᠂ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号