ᠬᠥᠭᠵᠢᠯᠲᠡ ᠶᠢᠨ ᠲᠤᠬᠠᠢ ᠬᠠᠮᠲᠤ ᠪᠠᠷ ᠶᠠᠷᠢᠯᠴᠠᠶ᠎ᠠ︕
ᠨᠡᠶᠢᠲᠡᠯᠡᠭᠰᠡᠨ ᠴᠠᠭ᠄
2023/12/26
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠬᠠᠶᠢᠷᠤᠪ ᠤᠨ ᠲᠣᠬᠤᠶ ᠲᠣᠭᠤᠷᠢᠭ ᠤᠨ ᠵᠢᠷᠭᠤᠳᠤᠭᠠᠷ ᠪᠠᠭ᠎ᠠ ᠰᠤᠷᠭᠠᠭᠤᠯᠢ ᠳᠤ ᠬᠥᠮᠦᠰ ᠤᠨ ᠰᠡᠳᠬᠢᠯ ᠳᠤ ᠭᠦᠨ ᠰᠠᠭᠤᠭᠳᠠᠭᠰᠠᠨ ᠰᠤᠷᠭᠠᠨ ᠬᠥᠮᠦᠵᠢᠯ ᠤᠨ ᠶᠠᠷᠢᠯᠴᠠᠬᠤ ᠬᠤᠷᠠᠯ ᠬᠢᠪᠠ᠃
640 (1).jpg
       ᠬᠤᠷᠠᠯ ᠳᠡᠭᠡᠷ᠎ᠡ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠠᠭᠤᠯᠭ᠎ᠠ ᠶᠢᠨ ᠲᠣᠭᠤᠷᠢᠨ ᠳᠤ ᠰᠣᠯᠢᠯᠴᠠᠭ᠎ᠠ ᠪᠠ ᠬᠤᠪᠢᠶᠠᠯᠴᠠᠭ᠎ᠠ ᠬᠢᠵᠦ᠂ ᠰᠤᠷᠭᠠᠭᠤᠯᠢ ᠶᠢᠨ ᠲᠤᠬᠠᠶ ᠪᠣᠳᠣᠯ ᠰᠠᠨᠠᠭᠤᠯᠭ᠎ᠠ ᠪᠠᠨ ᠶᠠᠷᠢᠵᠤ᠂ ᠬᠠᠶᠢᠷᠤᠪ ᠤᠨ ᠲᠣᠬᠤᠶ ᠲᠣᠭᠤᠷᠢᠭ ᠤᠨ ᠵᠢᠷᠭᠤᠳᠤᠭᠠᠷ ᠪᠠᠭ᠎ᠠ ᠰᠤᠷᠭᠠᠭᠤᠯᠢ ᠶᠢᠨ ᠪᠠᠭᠰᠢ ᠶᠢᠨ ᠲᠥᠯᠥᠭᠡᠯᠡᠭᠴᠢ ᠴᠥᠮ ︽ᠦᠭᠡ ᠶᠠᠷᠢᠶ᠎ᠠ︾᠎ ᠶᠢ ᠨᠡᠭᠡᠭᠡᠵᠦ᠂ ᠨᠢᠭᠡ ᠴᠠᠭ ᠭᠠᠷᠤᠶ ᠶᠢᠨ ᠶᠠᠷᠢᠯᠴᠠᠬᠤ ᠬᠤᠷᠠᠯ ᠳᠡᠭᠡᠷ᠎ᠡ᠂ ᠪᠠᠶᠢᠨ ᠪᠠᠶᠢᠨ ᠪᠠᠶᠠᠷᠯᠠᠨ ᠢᠨᠢᠶᠡᠯᠴᠡᠵᠦ᠂ ᠪᠠᠭᠰᠢ ᠨᠠᠷ ᠰᠡᠳᠬᠢᠯ ᠤᠨ ᠦᠭᠡ ᠪᠠᠨ ᠶᠠᠷᠢᠵᠤ᠂ ᠰᠤᠷᠭᠠᠭᠤᠯᠢ ᠶᠢᠨ ᠦᠨᠳᠦᠰᠦᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠪᠠ ᠵᠣᠬᠢᠴᠠᠭᠤᠯᠤᠨ ᠰᠢᠢᠤᠡᠪᠤᠷᠢᠯᠡᠬᠦ ᠴᠢᠬᠤᠯᠠᠲᠠᠶ ᠠᠰᠠᠭᠤᠳᠠᠯ ᠵᠡᠷᠭᠡ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠤᠯᠪᠣᠭᠳᠠᠬᠤ ᠭᠤᠤᠯᠳᠠᠯᠭ᠎ᠠ ᠲᠠᠢ ᠠᠵᠢᠯ ᠤᠨ ᠲᠤᠬᠠᠶ ᠲᠣᠰ ᠲᠣᠰ ᠰᠤᠳᠤᠯᠤᠨ ᠶᠠᠷᠢᠯᠴᠠᠪᠠ᠃
640 (2).jpg   
    ᠼᠦᠢ ᠬᠤᠩ ᠪᠥᠸᠧ ᠪᠠᠭᠰᠢ ᠨᠠᠷ ᠤᠨ ᠰᠡᠳᠬᠢᠯ ᠤᠨ ᠳᠠᠭᠤᠨ ᠢ ᠨᠠᠷᠢᠨ ᠬᠢᠨᠠᠮᠠᠭᠠᠢ ᠰᠣᠨᠣᠰᠴᠤ᠂ ᠪᠠᠭᠰᠢ ᠨᠠᠷ ᠲᠠᠢ ᠨᠢᠭᠤᠷᠳᠠᠨ  ᠶᠠᠷᠢᠯᠴᠠᠪᠠ᠃ ᠡᠭᠦᠨ ᠤ ᠬᠠᠮᠲᠤ᠂ ᠪᠠᠭᠰᠢ ᠶᠢᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ᠂ ᠣᠷᠣᠰᠢᠵᠤ ᠪᠠᠶᠢᠭ᠎ᠠ ᠬᠦᠴᠢᠷᠳᠡᠯ ᠪᠠ ᠵᠣᠬᠢᠴᠠᠭᠤᠯᠤᠨ ᠰᠢᠢᠤᠡᠪᠤᠷᠢᠯᠡᠬᠦ ᠴᠢᠬᠤᠯᠠᠲᠠᠶ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠦ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠠᠶᠢᠷᠤᠪ ᠤᠨ ᠲᠣᠬᠤᠶ ᠲᠣᠭᠤᠷᠢᠭ ᠤᠨ ᠬᠠᠮᠢᠶ᠎ᠠ ᠪᠥᠬᠦᠶ ᠨᠢᠭᠡᠴᠡ ᠶᠢ ᠰᠢᠮᠳᠠᠭᠤᠯᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ︽ᠰᠠᠯᠬᠢ ᠪᠣᠷᠣᠭᠠᠨ ᠤ ᠪᠡᠶ᠎ᠡ ᠶᠢᠨ ᠲᠠᠮᠢᠷ ᠤᠨ ᠲᠠᠯᠠᠪᠠᠶ︾᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠠᠰᠠᠭᠤᠳᠠᠯ ᠢ ᠬᠦᠴᠦᠯᠡᠨ ᠰᠢᠢᠤᠡᠪᠤᠷᠢᠯᠡᠪᠡ᠃ ᠰᠤᠷᠭᠠᠨ ᠬᠥᠮᠦᠵᠢᠯ ᠤᠨ ᠡᠭᠦᠷᠭᠡᠯᠡᠯ ᠢ ᠴᠢᠩᠭᠠᠳᠬᠠᠵᠤ᠂ ᠰᠤᠷᠭᠠᠨ ᠬᠥᠮᠦᠵᠢᠯ ᠤᠨ ᠪᠠᠲᠤᠯᠠᠭ᠎ᠠ ᠶᠢ ᠪᠠᠬᠢᠵᠢᠭᠦᠯᠵᠦ᠂ ᠤᠯᠠᠨ ᠲᠦᠮᠡᠨ ᠤ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠭᠡᠷ ᠤᠨ ᠠᠬᠠᠮᠠᠳ ᠤᠨ ᠤᠷᠢᠶᠠᠯᠠᠭ᠎ᠠ ᠳᠤ ᠬᠠᠷᠢᠭᠤᠯᠲᠠ ᠥᠭᠴᠦ᠂ ᠰᠤᠷᠤᠭᠴᠢᠳ ᠤᠨ ᠬᠦᠰᠡᠯ ᠡᠷᠡᠮᠡᠯᠵᠡᠯ ᠢ ᠬᠠᠩᠭᠠᠵᠤ᠂ ᠨᠡᠩ ᠤᠯᠠᠨ ᠠᠷᠠᠳ ᠲᠦᠮᠡᠨ ᠤ ᠭᠡᠷ ᠤᠨ ᠡᠭᠦᠳᠡᠨ ᠳᠠᠬᠢ ᠰᠠᠶᠢᠨ ᠰᠤᠷᠭᠠᠭᠤᠯᠢ ᠶᠢ ᠪᠠᠶᠢᠭᠤᠯᠬᠤ ᠬᠡᠷᠡᠭᠲᠡᠢ ᠭᠡᠵᠡᠢ᠃ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠠᠷᠠᠳ ᠤᠯᠠᠨ ᠤ ᠰᠤᠷᠭᠠᠨ ᠬᠥᠮᠦᠵᠢᠯ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠪᠦᠬᠦ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠭᠡᠵᠠᠢ᠃
640.jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号