ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤᠸᠠᠩ ᠵᠢᠩ᠄ ︽ᠭᠤᠤᠯ ᠰᠡᠳᠦᠪᠲᠦ | ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ ︿ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ | ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ﹀ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ | ︿ᠲᠠᠪᠤᠨ ᠶᠡᠭᠡ ᠡᠭᠦᠷᠭᠡ﹀ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ︿ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠦᠷ᠎ᠡ | ᠪᠦᠲᠦᠮᠵᠢ ᠪᠠᠷ ᠢᠶᠠᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠪᠠ᠃ | ᠨᠢᠭᠡ ᠳᠤ᠂ ᠤᠯᠤᠰ ᠲᠥᠷᠥ ᠶᠢᠨ ᠵᠢᠯᠣᠭᠤᠳᠤᠮᠵᠢ ᠶᠢ ᠳᠣᠪᠤᠶᠢᠯᠭᠠᠵᠤ᠂ ᠭᠤᠤᠯ ᠰᠡᠳᠦᠪᠲᠦ ᠬᠥᠮᠦᠵᠢᠯ ᠤᠨ | ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠤᠳᠤᠷᠢᠳᠬᠤ ᠪᠠᠭ ᠤᠨ ᠪᠦᠷᠢᠯᠳᠦᠬᠦᠨ | ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ᠰᠤᠷᠤᠯᠴᠠᠨ | ᠲᠤᠭᠤᠰᠢᠯᠠᠭᠤᠯᠬᠤ ᠶᠢ ᠵᠣᠬᠢᠶᠠᠨ ᠪᠠᠶᠢᠭᠤᠯᠵᠤ ᠠᠬᠢᠭᠤᠯᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠎ᠡ᠃ ᠪᠦᠬᠦ | ᠰᠢᠰᠲ᠋ᠧᠮ ᠢᠶᠠᠷ ᠢᠶᠠᠨ ᠳᠡᠭᠡᠳᠦ ᠳᠣᠣᠷᠠᠳᠤ ᠱᠠᠲᠤ ᠪᠠᠷ ᠢᠶᠠᠨ ᠵᠣᠬᠢᠶᠠᠨ ᠪᠠᠶᠢᠭᠤᠯᠤᠯᠲᠠ ᠪᠦᠷᠢᠨ᠂ ᠲᠣᠭᠲᠠᠴᠠ | ᠪᠠᠲᠤᠯᠠᠭ᠎ᠠ᠂ ᠠᠭᠤᠷ ᠠᠮᠢᠰᠬᠤᠯ ᠭᠦᠨ ᠵᠤᠵᠠᠭᠠᠨ ᠭᠤᠤᠯ ᠰᠡᠳᠦᠪᠲᠦ ᠬᠥᠮᠦᠵᠢᠯ ᠤᠨ ᠰᠢᠨ᠎ᠡ ᠳᠦᠷᠰᠦ ᠪᠠᠶᠢᠳᠠᠯ ᠢ | ᠪᠣᠶ ᠪᠣᠯᠭᠠᠪᠠ᠃ ᠬᠤᠶᠠᠷ ᠲᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠰᠤᠷᠤᠯᠴᠠᠯᠭ᠎ᠠ ᠶᠢᠨ ᠦᠷ᠎ᠡ | ᠪᠦᠲᠦᠭᠡᠯ ᠢ ᠴᠢᠨᠠᠷ ᠰᠠᠶᠢᠲᠠᠢ ᠬᠤᠪᠢᠷᠠᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠪᠦᠬᠦ ᠵᠢᠯ ᠳᠤ | ᠵᠤᠭᠠᠴᠠᠭᠰᠠᠳ ᠢ ᠨᠡᠶᠢᠲᠡ 278.72 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ | ᠣᠷᠣᠯᠭ᠎ᠠ ᠶᠢ 17.47 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠭᠤᠷᠪᠠ ᠳᠤ᠂ ᠪᠣᠳᠠᠰ ᠤᠨ ᠪᠤᠰᠤ ᠰᠣᠶᠣᠯ ᠤᠨ | ᠥᠪ ᠤᠨ ᠰᠤᠳᠤᠯᠤᠨ ᠰᠤᠷᠤᠯᠴᠠᠬᠤ ᠣᠷᠳᠣᠨ ᠢ ᠫᠠᠶᠢᠰᠠ ᠡᠯᠭᠦᠨ ᠪᠠᠶᠢᠭᠤᠯᠵᠤ᠂ ᠴᠡᠭᠡᠯ ᠠᠭᠤᠯᠠ ᠪᠠᠯᠭᠠᠰᠤ ᠶᠢᠨ | ᠲᠤᠸᠠᠨ ᠵᠢᠶᠧ ᠰᠢᠨ᠎ᠡ ᠲᠣᠰᠬᠤᠨ ᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠲᠣᠰᠬᠤᠨ ᠳᠤ ᠣᠷᠣᠭᠤᠯᠪᠠ︔ ᠡᠯ᠎ᠡ ᠲᠦᠷᠦᠯ ᠤᠨ ᠰᠣᠶᠣᠯ ᠤᠳᠬ᠎ᠠ ᠤᠷᠠᠯᠢᠭ ᠤᠨ | ᠠᠵᠢᠯᠯᠠᠭ᠎ᠠ ᠶᠢ 90 ᠭᠠᠷᠤᠢ ᠲᠠᠯᠠᠪᠠᠢ ᠡᠷᠬᠢᠯᠡᠵᠦ᠂ 50 ᠭᠠᠷᠤᠢ ᠲᠦᠮᠡᠨ ᠬᠥᠮᠦᠨ ᠤᠳᠠᠭ᠎ᠠ ᠤᠯᠠᠨ ᠲᠦᠮᠡᠨ ᠳᠤ | ᠠᠰᠢᠭ ᠬᠦᠷᠲᠡᠭᠡᠪᠡ︔ 300 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ 6 ᠰᠠᠭᠤᠷᠢ ᠪᠡᠶ᠎ᠡ ᠶᠢᠨ | ᠲᠠᠮᠢᠷ ᠤᠨ ᠲᠠᠯᠠᠪᠠᠢ ᠣᠷᠳᠣᠨ ᠤ ᠪᠡᠶ᠎ᠡ ᠴᠢᠭᠢᠷᠠᠭᠵᠢᠭᠤᠯᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠮᠠᠷᠠᠽᠤᠨ | ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠲᠣᠰᠬᠤᠨ ︵ᠨᠡᠶᠢᠭᠡᠮ ᠲᠣᠭᠤᠷᠢᠭ︶ ᠤ ᠰᠣᠨᠢᠷᠬᠠᠯᠲᠤ ᠪᠡᠶ᠎ᠡ ᠶᠢᠨ | ᠲᠠᠮᠢᠷ ᠤᠨ ᠴᠤᠭᠯᠠᠭᠠᠨ ᠵᠡᠷᠭᠡ ᠪᠡᠶ᠎ᠡ ᠶᠢᠨ ᠲᠠᠮᠢᠷ ᠤᠨ ᠠᠵᠢᠯᠯᠠᠭ᠎ᠠ ᠶᠢ 50 ᠭᠠᠷᠤᠢ ᠲᠠᠯᠠᠪᠠᠢ ᠡᠷᠬᠢᠯᠡᠵᠦ᠂ | ᠬᠠᠶᠢᠷᠤᠪ ᠤᠨ ᠲᠤᠬᠤᠢ ᠲᠣᠭᠤᠷᠢᠭ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ | ᠦᠷᠭᠦᠯᠵᠢᠯᠡᠨ ᠳᠡᠭᠡᠭᠰᠢᠯᠡᠭᠦᠯᠪᠡ᠃ ᠭᠤᠷᠪᠠ ᠳᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ | ᠲᠦᠪᠰᠢᠨ ᠪᠠ ᠣᠯᠠᠨ ᠲᠦᠮᠡᠨ ᠤ ᠡᠷᠬᠡ ᠠᠰᠢᠭ ᠢ ᠬᠢᠨᠠᠮᠠᠭᠠᠶ ᠬᠠᠮᠠᠭᠠᠯᠠᠵᠤ᠂ ᠭᠤᠤᠯ ᠰᠡᠳᠦᠪᠲᠦ ᠬᠥᠮᠦᠵᠢᠯ ᠤᠨ | ᠥᠨᠳᠥᠷ ᠬᠤᠪᠢ ᠶᠢᠨ ᠬᠠᠷᠢᠭᠤᠯᠲᠠ ᠶᠢᠨ ᠬᠠᠭᠤᠳᠠᠰᠤ ᠶᠢ ᠲᠠᠰᠤᠷᠠᠯᠲᠠ ᠥᠬᠡᠶ ᠣᠯᠬᠤ ᠬᠡᠷᠡᠭᠲᠡᠢ᠃ 2023 | ᠣᠨ ᠳᠤ᠂ ᠰᠣᠶᠣᠯ ᠴᠡᠩᠭᠡᠯ ᠤᠨ ᠲᠠᠯᠠᠪᠤᠷ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠦᠵᠡᠮᠵᠢ ᠶᠢᠨ ᠣᠷᠣᠨ ᠳᠤ | 300 ᠭᠠᠷᠤᠶ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠬᠢᠵᠦ᠂ ︿12345﹀ ᠬᠠᠯᠠᠮᠰᠢᠯ | ᠤᠲᠠᠰᠤ ᠶᠢᠨ 329 ᠬᠡᠷᠡᠭ ᠶᠠᠪᠤᠳᠠᠯ ᠢ ᠰᠢᠢᠳᠪᠦᠷᠢᠯᠡᠵᠦ᠂ ᠣᠯᠠᠨ ᠲᠦᠮᠡᠨ ᠳᠤ 2 ᠲᠦᠮᠡ ᠭᠠᠷᠤᠶ ᠲᠥᠭᠦᠷᠢᠭ ᠤᠨ | ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠪᠠ | ᠬᠠᠨᠤᠮᠵᠢᠲᠠᠶ ᠨᠣᠷᠮ᠎ᠠ ᠨᠢ ᠴᠥᠮ 100% ᠳᠤ ᠬᠦᠷᠪᠡ᠃ | ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ ᠨᠠᠮ ᠤᠨ ᠪᠠᠶᠢᠭᠤᠯᠤᠯᠲᠠ ᠪᠠᠷ ᠪᠦᠬᠦ ᠲᠠᠯ᠎ᠠ ᠶᠢᠨ ᠠᠵᠢᠯ ᠢ ᠶᠡᠷᠦᠩᠬᠡᠶᠢᠯᠡᠨ ᠵᠢᠯᠣᠭᠤᠳᠬᠤ ᠶᠢ | ᠦᠷᠭᠦᠯᠵᠢᠯᠡᠨ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠭᠤᠤᠯ | ᠰᠡᠳᠦᠪᠲᠦ ᠬᠥᠮᠦᠵᠢᠯ ᠤᠨ ᠠᠮᠵᠢᠯᠲᠠ ᠪᠦᠲᠦᠮᠵᠢ ᠣᠯᠬᠤ ᠶᠢ ᠪᠠᠲᠤᠯᠠᠵᠤ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ︾ ᠬᠡᠵᠡᠢ᠃ | | | | | | | | | | | | |