ᠰᠦᠨ ᠬᠤᠤ ᠬᠠᠶᠢᠷᠤᠪ ᠤᠨ ᠲᠣᠬᠤᠢ ᠲᠣᠭᠤᠷᠢᠭ ᠤᠨ ᠭᠤᠤᠯ ᠰᠡᠳᠦᠪᠲᠦ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/12/30
    ᠤᠢᠢᠷ᠎ᠠ ᠳᠤ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠠᠶᠢᠷᠤᠪ ᠤᠨ ᠲᠤᠬᠤᠢ ᠲᠣᠭᠤᠷᠢᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    ᠰᠦᠨ ᠬᠤᠤ ᠨᠠᠷ ᠤᠷᠢᠳ ᠬᠤᠵᠢᠳ ᠬᠠᠶᠢᠪᠸᠢ ᠵᠡᠭᠡᠯᠢ ᠭᠤᠳᠤᠮᠵᠢ ᠶᠢᠨ ᠱᠢ ᠴᠧᠩ ᠨᠡᠶᠢᠭᠡᠮ ᠲᠣᠭᠤᠷᠢᠭ᠂ ᠪᠢᠨ ᠾᠧ ᠵᠡᠭᠡᠯᠢ ᠭᠤᠳᠤᠮᠵᠢ ᠶᠢᠨ ᠬᠤ᠋ ᠳ᠋ᠦᠩ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠤᠨᠴᠠᠯᠢᠬᠳᠤ ᠬᠢᠯᠠᠰ ᠴᠡᠭ ᠤᠨ ᠠᠵᠢᠯ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠲᠠᠯᠠᠪᠠᠢ ᠳᠤ ᠵᠢᠭᠠᠨ ᠵᠢᠯᠣᠭᠤᠳᠪᠠ᠃    ᠰᠦᠨ ᠬᠤᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠠᠨ ᠲᠦᠮᠡᠨ ᠤ ᠳᠤᠮᠳᠠ ᠨᠡᠩ ᠭᠦᠨᠵᠡᠭᠡᠶᠢᠷᠡᠵᠦ᠂ ᠤᠯᠠᠨ ᠲᠦᠮᠡᠨ ᠳᠤ ᠦᠢᠯᠡᠴᠢᠯᠡᠬᠦ ᠬᠡᠷᠡᠭᠲᠡᠢ︔ ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ ᠪᠤᠢ ᠪᠦᠬᠦᠢ ᠬᠥᠮᠦᠰ ᠢ ᠲᠠᠶᠢᠴᠢᠯᠠᠵᠤ᠂ ᠠᠵᠢᠯ ᠢᠶᠠᠨ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ︔ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠢ ᠱᠦᠵᠢ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠠᠨ ᠲᠦᠮᠡᠨ ᠤ ᠳᠡᠷᠭᠡᠳᠡ ᠬᠦᠷᠴᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠲᠠᠰᠤᠷᠠᠯᠳᠠ ᠦᠭᠡᠢ ᠬᠥᠭᠵᠢᠭᠡᠵᠦ᠂ ᠤᠯᠠᠨ ᠲᠦᠮᠡᠨ ᠤ ︽ᠠᠷᠠᠳ ᠤᠨ ᠠᠮᠢᠳᠤᠷᠠᠯ ᠤᠨ ᠲᠠᠩᠰᠠ︾᠎ ᠶᠢ ᠲᠣᠳᠣᠷᠬᠠᠢ ᠪᠤᠳᠤᠵᠤ᠂ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号