ᠬᠠᠶᠢᠷᠤᠪ ᠤᠨ ᠲᠣᠬᠤᠢ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ᠂ ᠵᠥᠪ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/30
    ᠣᠶᠢᠷ᠎ᠠ ᠳᠤ᠂ ᠬᠠᠶᠢᠷᠤᠪ ᠤᠨ ᠲᠣᠬᠤᠢ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ᠂ ᠵᠥᠪ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠢ ᠵᠠᠳᠠᠯᠬᠤ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ ᠬᠡᠰᠡᠭ ᠲᠣᠭᠤᠷᠢᠭ ᠤᠨ ᠱᠠᠲᠤᠨ ᠤ ᠤᠳᠤᠷᠢᠳᠤᠯᠭ᠎ᠠ ︽ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠠᠳᠬᠤᠬᠤ︾ ᠭᠤᠤᠯ ᠰᠡᠳᠦᠪ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠠᠶᠢᠷᠤᠪ ᠤᠨ ᠲᠣᠬᠤᠢ ᠲᠣᠭᠤᠷᠢᠭ ᠤᠨ ᠵᠥᠪ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠭᠰᠡᠨ ᠪᠥᠭᠡᠳ ᠵᠥᠪ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠣᠭᠤᠷᠢᠨ ᠳᠤ ᠵᠠᠳᠠᠯᠤᠯᠲᠠ ᠬᠢᠵᠦ ᠶᠠᠷᠢᠶ᠎ᠠ ᠲᠠᠯᠪᠢᠪᠠ᠃    ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠨᠢᠭᠡᠴᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠬᠦᠳᠦᠯᠦᠨ ᠳᠠᠭᠠᠭᠤᠯᠵᠤ᠂ ᠨᠡᠩ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ︔ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠬᠤ ᠬᠡᠷᠡᠭᠲᠡᠶ︔ ᠦᠷ᠎ᠡ ᠪᠦᠲᠦᠭᠡᠯ ᠢ ᠬᠤᠪᠢᠷᠠᠭᠤᠯᠬᠤ ᠶᠢ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠤᠷᠰᠢᠯᠭ᠎ᠠ ᠰᠤᠷᠭᠠᠮᠵᠢ ᠶᠢ ᠰᠢᠨ᠎ᠡ ᠶᠢ ᠡᠭᠦᠳᠬᠦ ᠬᠥᠭᠵᠢᠯᠲᠡ ᠶᠢᠨ ᠰᠡᠳᠬᠢᠴᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号