ᠬᠠᠶ ᠳ᠋ᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠶᠢᠨ ᠫᠠᠶᠢᠰᠠ ᠰᠡᠬᠦᠬᠦ ᠶᠣᠰᠣᠯᠠᠯ ᠵᠢᠴᠢ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠤᠳᠬ᠎ᠠ ᠤᠷᠠᠯᠢᠭ ᠤᠨ ᠪᠦᠲᠦᠭᠡᠯ ᠤᠨ ᠦᠵᠡᠭᠦᠯᠭᠡ ᠶᠢᠨ ᠠᠵᠢᠯᠯᠠᠭ᠎ᠠ ᠬᠠᠶᠢᠷᠤᠪ ᠤᠨ ᠲᠣᠬᠤᠶ ᠲᠣᠭᠤᠷᠢᠭ ᠤᠨ ᠵᠢᠶᠦ᠋ᠨ ᠷᠦᠢ ᠬᠡᠷ ᠣᠷᠣᠨ ᠤ ᠵᠢᠵᠢᠭ ᠲᠣᠭᠤᠷᠢᠭ ᠲᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/12/30
    ᠠᠵᠢᠯᠯᠠᠭ᠎ᠠ ᠨᠢ ᠡᠷᠲᠡᠨ ᠤ ᠰᠣᠩᠭᠤᠳᠠᠭ ᠪᠥᠵᠢᠭ ︽ᠣᠨ ᠤ ᠡᠭᠡᠯᠵᠢ︾ ᠪᠠ ᠪᠥᠵᠢᠭ ︽ᠬᠠᠪᠤᠷ ᠤᠨ ᠰᠠᠯᠬᠢ ᠠᠷᠪᠠᠨ ᠲᠦᠮᠡᠨ ᠭᠠᠵᠠᠷ︾᠎ ᠤᠨ ᠳᠤᠮᠳᠠ ᠬᠥᠰᠢᠭᠡ ᠪᠠᠨ ᠰᠡᠬᠦᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ᠂ ᠬᠤᠲᠠ ᠶᠢᠨ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ ᠵᠢᠴᠢ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠤᠳᠬ᠎ᠠ ᠤᠷᠠᠯᠢᠭ ᠤᠨ ᠳᠤᠷ᠎ᠠ ᠪᠠᠭ᠋ᠠᠲᠠᠨ᠂ ᠰᠠᠭᠤᠭᠠᠯᠢ ᠠᠷᠠᠳ ᠵᠡᠷᠭᠡ 120 ᠭᠠᠷᠤᠶ ᠬᠥᠮᠦᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃
640 (2).jpg
640 (1).jpg
      ᠰᠢᠨᠬᠤᠸᠠ ᠪᠠᠷᠠᠭᠤᠨ ᠵᠡᠭᠡᠯᠢ ᠭᠤᠳᠤᠮᠵᠢ ᠬᠤᠲᠠ ᠲᠣᠭᠤᠷᠢᠭ ᠤᠨ ᠬᠤᠶᠠᠷ ᠱᠠᠲᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠮᠵᠢᠯᠭᠡ ᠵᠢᠯᠣᠭᠤᠳᠣᠯᠭ᠎ᠠ ᠳᠣᠤᠷ᠎ᠠ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠵᠢᠶᠦ᠋ᠨ ᠷᠦᠢ ᠵᠢᠶᠠ ᠶᠤᠸᠠᠨ ᠵᠢᠵᠢᠭ ᠲᠣᠭᠤᠷᠢᠭ ᠲᠤ ᠬᠠᠶ ᠳ᠋ᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠪᠠᠶᠢᠭᠤᠯᠵᠤ᠂ ᠦᠬᠠᠶ ᠬᠤᠲᠠ ᠶᠢᠨ ᠨᠣᠮ ᠤᠨ ᠰᠠᠩ ᠤᠨ ᠬᠤᠪᠢᠶᠠᠷᠢ ᠣᠷᠳᠣᠨ ᠪᠠᠶᠢᠭᠤᠯᠵᠤ᠂ ︽ᠪᠥᠬᠦ ᠠᠷᠠᠳ ᠢᠶᠠᠷ ᠢᠶᠠᠨ ᠨᠣᠮ ᠤᠩᠰᠢᠬᠤ︾ ᠨᠣᠮ ᠤᠨ ᠬᠡᠷᠡᠮ ᠢ ᠪᠠᠶᠢᠭᠤᠯᠵᠤ᠂ ︽ᠵᠢᠵᠢᠭ ᠲᠣᠭᠤᠷᠢᠭ ᠤᠨ ᠨᠣᠮ ᠤᠨ ᠰᠠᠩ᠂ ᠭᠤᠳᠤᠮᠵᠢ ᠶᠢᠨ ᠳᠣᠲᠣᠷᠠᠬᠢ ᠨᠣᠮ ᠤᠨ ᠬᠡᠷᠡᠮ᠂ ᠬᠡᠷ ᠤᠨ ᠡᠭᠦᠳᠡᠨ ᠳᠠᠬᠢ ᠪᠣᠯᠪᠠᠰᠤᠨ ᠤ ᠤᠶᠢᠯᠡᠳᠤᠯᠭᠡ ᠶᠢᠨ ᠥᠷᠲᠡᠭᠡ︾᠎ ᠶᠢ ᠪᠡᠶᠡᠯᠡᠭᠦᠯᠵᠦ᠂ ᠰᠠᠭᠤᠭᠠᠯᠢ ᠠᠷᠠᠳ ᠢ ᠬᠡᠷ ᠤᠨ ᠡᠭᠦᠳᠡᠨ ᠳᠤ ᠪᠠᠨ ᠪᠣᠯᠪᠠᠰᠤᠨ ᠤ ᠤᠶᠢᠯᠡᠳᠤᠯᠭᠡ ᠶᠢᠨ ᠠᠵᠢᠯᠯᠠᠭ᠎ᠠ ᠳᠤ ᠣᠷᠣᠯᠴᠠᠭᠤᠯᠵᠤ᠂ ᠨᠣᠮ ᠤᠨ ᠦᠨᠦᠷ ᠠᠮᠲᠠ ᠶᠢ ᠡᠳ᠋ᠯᠡᠭᠦᠯᠪᠡ᠃
640.jpg
640.png
    ᠲᠣᠰ ᠤᠳᠠᠭᠠᠨ ᠤ ᠦᠵᠡᠰᠬᠦᠯᠡᠩ ᠨᠢ ᠪᠥᠬᠦ ᠲᠠᠯ᠎ᠠ ᠶᠢᠨ᠂ ᠣᠯᠠᠨ ᠬᠠᠷᠠᠭᠠᠰᠤ᠂ ᠭᠦᠨ ᠳᠠᠪᠬᠤᠷᠭ᠎ᠠ ᠠᠴᠠ ︽ᠬᠤᠷᠢᠨ ᠳᠥᠷᠪᠡᠨ ᠴᠠᠭ ᠦᠶ᠎ᠡ ᠶᠢᠨ ᠨᠣᠮ ᠤᠨ ᠱᠣᠰᠢᠭ᠎ᠠ︾᠂ ︽ᠯᠸᠢ ᠹᠧᠩ ᠤᠨ ᠵᠣᠷᠢᠭ ᠰᠠᠨᠠᠭᠠᠨ ᠤ ᠴᠠᠭᠠᠰᠤᠨ ᠬᠠᠶᠢᠴᠢᠯᠠᠮᠠᠯ︾᠂ ︽ᠬᠤᠪᠢᠰᠬᠠᠯ ᠤᠨ ᠵᠣᠷᠢᠭ ᠰᠠᠨᠠᠭᠠᠨ ᠤ ᠬᠠᠭᠠᠷᠢᠭᠰᠠᠨ ᠵᠢᠷᠤᠭ︾᠂ ︽ᠪᠣᠳᠠᠰ ᠤᠨ ᠪᠤᠰᠤ ᠰᠣᠶᠣᠯ ᠤᠨ ᠥᠪ ᠤᠨ 5 ᠮᠧᠲᠷ ᠤᠨ ᠴᠠᠭᠠᠰᠤᠨ ᠬᠠᠶᠢᠴᠢᠯᠠᠮᠠᠯ ᠵᠢᠷᠤᠭ︾᠂ ︽ᠠᠷᠪᠠᠨ ᠬᠤᠶᠠᠷ ᠵᠢᠯ ᠤᠨ ᠲᠠᠮᠠᠭ᠎ᠠ ᠵᠢᠷᠤᠭ︾ ᠵᠡᠷᠭᠡ ᠶᠢ ᠪᠠᠭᠲᠠᠭᠠᠭᠰᠠᠨ ᠪᠣᠳᠠᠰ ᠤᠨ ᠪᠤᠰᠤ ᠰᠣᠶᠣᠯ ᠤᠨ ᠥᠪ᠂ ᠤᠷᠠᠨ ᠪᠢᠴᠢᠯᠭᠡ᠂ ᠬᠠᠭᠠᠷᠢᠭᠰᠠᠨ ᠵᠢᠷᠤᠭ᠂ ᠴᠠᠭᠠᠰᠤᠨ ᠬᠠᠶᠢᠴᠢᠯᠠᠮᠠᠯ᠂ ᠬᠡᠷᠡᠯ ᠵᠢᠷᠤᠭ᠂ ᠭᠠᠷ ᠤᠷᠠᠯᠠᠯ ᠤᠨ ᠰᠣᠶᠣᠯ ᠤᠨ ᠡᠭᠦᠳᠦᠯᠲᠡ ᠵᠢᠴᠢ ᠡᠯ᠎ᠡ ᠲᠥᠷᠥᠯ ᠤᠨ ᠤᠳᠬ᠎ᠠ ᠤᠷᠠᠯᠢᠭ ᠤᠨ ᠪᠦᠲᠦᠭᠡᠯ ᠢ 300 ᠭᠠᠷᠤᠶ ᠬᠤᠪᠢ ᠳᠡᠯᠭᠡᠨ ᠦᠵᠡᠭᠦᠯᠵᠡᠶ᠃ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃    ᠬᠠᠶᠢᠷᠤᠪ ᠤᠨ ᠲᠤᠬᠤᠢ ᠲᠣᠭᠤᠷᠢᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠪᠣᠯᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠠᠮᠢᠳᠤᠷᠠᠯ ᠳᠤ ᠭᠦᠨᠵᠡᠭᠡᠶᠢᠷᠡᠬᠦ ᠶᠢ ᠳᠡᠮᠵᠢᠨ ᠵᠣᠷᠢᠭᠵᠢᠭᠤᠯᠵᠤ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾᠎ ᠤᠨ ᠲᠣᠭᠤᠷᠢᠨ ᠳᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠪᠦᠬᠦ ᠠᠷᠠᠳ ᠤᠨ ᠤᠩᠰᠢᠯᠭ᠎ᠠ᠂ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠴᠢᠨᠠᠭᠰᠢᠳᠠ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠢ ᠦᠨᠡᠨᠬᠦ ᠬᠡᠷᠡᠭᠯᠡᠵᠦ᠂ ᠠᠮᠢᠯᠠᠭᠤᠯᠵᠤ᠂ ᠬᠥᠭᠵᠢᠭᠡᠵᠦ᠂ ︽ᠤᠮᠠᠷᠠᠲᠤ ᠶᠢᠨ ᠰᠣᠶᠣᠯ︾᠎ ᠤᠨ ᠲᠦᠷᠦᠯ ᠲᠡᠮᠳᠡᠭ ᠢ ᠡᠭᠦᠳᠬᠦ ᠳᠤ ᠦᠨᠳᠦᠰᠦᠨ ᠱᠠᠲᠤᠨ ᠤ ᠬᠦᠴᠦᠨ ᠴᠢᠳᠠᠯ ᠢ ᠨᠡᠮᠡᠷᠢᠯᠡᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号