12 ᠰᠠᠷ᠎ᠠ ᠶᠢᠨ 29 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠪᠠᠶᠠᠷ ᠤᠨ ᠡᠳᠦᠷ ᠠᠴᠠ ᠡᠮᠦᠨᠡᠬᠢ ᠬᠠᠩᠭᠠᠯᠭ᠎ᠠ ᠶᠢ | ᠪᠠᠲᠤᠯᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠨ | ᠰᠤᠳᠤᠯᠤᠯᠲᠠ ᠬᠢᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ | ᠳᠠᠷᠤᠭ᠎ᠠ ᠰᠤᠳᠤᠪᠢᠯᠢᠭ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠭᠤᠣᠯ ᠬᠠᠷᠢᠭᠤᠴᠠᠯᠭᠠᠲᠠᠨ ᠪᠠᠷ᠎ᠠ | ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠼᠦᠢ ᠬᠤᠩ ᠪᠥᠸᠧ ᠨᠡᠷ ᠤᠷᠢᠳ ᠬᠤᠵᠢᠳ ᠭᠦᠸᠧ ᠳ᠋ᠠ ᠡᠮ ᠤᠨ ᠳᠡᠯᠭᠡᠭᠦᠷ᠂ ᠰᠢᠨ ᠲᠢᠶᠠᠨ ᠳ᠋ᠢ ᠵᠠᠬ᠎ᠠ | ᠳᠡᠯᠭᠡᠭᠦᠷ᠂ ᠵᠦᠩ ᠪᠠᠩ ᠰᠢᠩᠭᠡᠨᠵᠢᠮᠡᠯ ᠬᠡᠶ ᠳᠤ ᠬᠦᠷᠴᠦ᠂ ᠡᠮ ᠤᠨ ᠳᠡᠯᠭᠡᠭᠦᠷ ᠤᠨ ᠡᠮ ᠤᠨ ᠵᠤᠶᠢᠯ ᠤᠨ | ᠬᠠᠩᠭᠠᠯᠭ᠎ᠠ ᠶᠢ ᠪᠠᠲᠤᠯᠠᠬᠤ᠂ ᠡᠮ ᠤᠨ ᠵᠤᠶᠢᠯ ᠤᠨ ᠦᠨ᠎ᠡ ᠬᠠᠩᠰᠢ᠂ ᠰᠢᠨ ᠲᠢᠶᠠᠨ ᠳ᠋ᠢ ᠵᠠᠬ᠎ᠠ ᠳᠡᠯᠭᠡᠭᠦᠷ ᠤᠨ ᠭᠠᠯ | ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ᠂ ᠬᠢᠨᠠᠨ ᠡᠵᠡᠮᠳᠡᠬᠦ ᠲᠥᠬᠦᠭᠡᠷᠦᠮᠵᠢ ᠳᠤᠲᠠᠭᠳᠠᠭᠰᠠᠨ ᠡᠰᠡᠬᠦ᠂ | ᠵᠡᠭᠡᠯᠢ ᠳᠠᠭᠠᠤ ᠶᠢᠨ ᠬᠤᠳᠠᠯᠳᠤᠭᠠᠨ ᠤ ᠳᠡᠯᠭᠡᠭᠦᠷ ᠤᠨ ᠡᠭᠦᠳᠡᠨ ᠡᠮᠦᠨ᠎ᠡ ᠳᠤᠷ᠎ᠠ ᠪᠠᠷ ᠢᠶᠠᠨ ᠣᠪᠣᠭᠠᠯᠠᠵᠤ ᠲᠠᠯᠪᠢᠭᠰᠠᠨ | ᠵᠡᠷᠭᠡ ᠠᠰᠠᠭᠤᠳᠠᠯ ᠤᠨ ᠪᠠᠶᠢᠳᠠᠯ ᠢ ᠣᠶᠢᠯᠠᠭᠠᠵᠤ᠂ ᠡᠭᠦᠨ ᠤ ᠬᠠᠮᠲᠤ ᠢᠳᠡᠰᠢᠨ ᠨᠣᠭᠤᠭ᠎ᠠ᠂ ᠵᠢᠮᠢᠰ᠂ ᠮᠢᠬᠠᠨ ᠤ | ᠵᠤᠶᠢᠯ ᠵᠡᠷᠭᠡ ᠲᠠᠸᠠᠷ ᠤᠨ ᠦᠨ᠎ᠡ ᠬᠠᠩᠰᠢ᠂ ᠬᠠᠩᠭᠠᠯᠭ᠎ᠠ ᠪᠣᠷᠣᠯᠠᠭᠤᠯᠭ᠎ᠠ᠂ ᠢᠳᠡᠭᠡᠨ ᠤ ᠠᠮᠤᠷ ᠲᠦᠪᠰᠢᠨ ᠵᠡᠷᠭᠡ | ᠪᠠᠶᠢᠳᠠᠯ ᠢ ᠨᠠᠷᠢᠨ ᠠᠰᠠᠭᠤᠵᠤ᠂ ᠳᠠᠷᠠᠭ᠎ᠠ ᠨᠢ ᠵᠥᠩ ᠪᠠᠩ ᠰᠢᠩᠭᠡᠨᠵᠢᠮᠡᠯ ᠬᠡᠢ ᠶᠢᠨ ᠠᠶᠤᠯᠭᠦᠶ ᠤᠶᠢᠯᠡᠤᠡᠪᠤᠷᠢᠯᠡᠯ᠂ | ᠪᠠᠴᠢᠮ ᠪᠠᠶᠢᠳᠠᠯ ᠢ ᠠᠷᠭᠠᠴᠠᠨ ᠰᠢᠢᠤᠡᠪᠤᠷᠢᠯᠡᠬᠦ᠂ ᠲᠣᠨᠤᠭ ᠲᠥᠬᠦᠭᠡᠷᠦᠮᠵᠢ ᠶᠢ ᠬᠠᠮᠠᠭᠠᠯᠠᠨ ᠠᠵᠢᠯᠯᠠᠭᠤᠯᠬᠤ ᠵᠡᠷᠭᠡ | ᠪᠠᠶᠢᠳᠠᠯ ᠢ ᠣᠶᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠵᠢᠭᠠᠨ ᠵᠢᠯᠣᠭᠤᠳᠪᠠ᠃ | ᠼᠦᠢ ᠬᠤᠩ ᠪᠥᠸᠧ ᠬᠡᠯᠡᠭᠰᠡᠨ ᠨᠢ᠂ ᠡᠮ ᠤᠨ ᠵᠦᠢᠯ ᠤᠨ ᠬᠥᠮᠥᠷᠭᠡ ᠶᠢᠨ ᠬᠠᠳᠠᠭᠠᠯᠠᠯᠲᠠ ᠶᠢᠨ ᠬᠥᠳᠡᠯᠦᠩᠭᠦᠢ | ᠬᠤᠪᠢᠷᠠᠯᠲᠠ ᠶᠢ ᠴᠠᠭ ᠲᠤᠬᠠᠢ ᠳᠤᠨᠢ ᠡᠵᠡᠮᠰᠢᠵᠦ᠂ ᠳᠤᠲᠠᠭᠳᠠᠵᠤ ᠪᠠᠶᠢᠭ᠎ᠠ ᠡᠮ ᠤᠨ ᠵᠦᠢᠯ ᠤᠨ ᠨᠥᠭᠡᠴᠡ ᠶᠢ | ᠨᠡᠮᠡᠭᠳᠡᠭᠦᠯᠵᠦ᠂ ᠰᠢᠨ᠎ᠡ ᠵᠢᠯ ᠤᠨ ᠬᠤᠭᠤᠴᠠᠭᠠᠨ ᠳᠠᠬᠢ ᠡᠮ ᠤᠨ ᠵᠦᠢᠯ ᠤᠨ ᠬᠠᠩᠭᠠᠯᠭ᠎ᠠ ᠶᠢ ᠪᠦᠬᠦ | ᠬᠦᠴᠦᠨ ᠢᠶᠠᠷ ᠢᠶᠠᠨ ᠪᠠᠲᠤᠯᠠᠵᠤ᠂ ᠤᠯᠠᠨ ᠲᠦᠮᠡᠨ ᠤ ᠡᠮ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠬᠤ ᠬᠡᠷᠡᠭᠲᠡᠢ︔ | ᠭᠡᠮ ᠰᠣᠭᠤᠭ ᠢ ᠦᠨᠡᠨᠬᠦ ᠠᠷᠢᠯᠭᠠᠵᠤ᠂ ᠬᠠᠮᠢᠶᠠᠷᠤᠯᠲᠠ ᠶᠢᠨ ᠠᠯᠳᠠᠰᠢ ᠭᠠᠷᠬᠤ ᠶᠢ ᠬᠤᠷᠢᠭᠯᠠᠵᠤ᠂ ᠠᠮᠠᠷᠠᠯᠲᠠ ᠶᠢᠨ | ᠬᠤᠭᠤᠴᠠᠭᠠᠨ ᠤ ᠠᠮᠤᠷ ᠲᠦᠪᠰᠢᠨ ᠤ ᠪᠠᠶᠢᠴᠠᠭᠠᠯᠲᠠ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠵᠤ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ ᠡᠯ᠎ᠡ ᠵᠠᠬ᠎ᠠ | ᠳᠡᠯᠭᠡᠭᠦᠷ ᠤᠨ ᠭᠤᠣᠯ ᠴᠣᠭᠴᠠ ᠨᠤᠭᠤᠳ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ | ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢᠶᠠᠨ ᠰᠠᠶᠢᠲᠤᠷ ᠬᠢᠵᠦ᠂ ᠪᠠᠶᠠᠷ ᠤᠨ | ᠡᠳᠦᠷ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠨᠢᠭᠲᠠ ᠠᠩᠬᠠᠷᠴᠤ᠂ ᠤᠯᠠᠨ ᠲᠦᠮᠡᠨ ᠤ ᠠᠮᠤᠷ | ᠲᠦᠪᠰᠢᠨ᠂ ᠡᠶ᠎ᠡ ᠨᠠᠶᠢᠷᠠᠮᠳᠠᠭᠤ᠂ ᠡᠮᠬᠢ ᠵᠢᠷᠤᠮ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ | ᠬᠡᠷᠡᠭᠲᠡᠢ ᠭᠡᠵᠠᠢ᠃ |