ᠠᠵᠢᠯᠯᠠᠭ᠎ᠠ ᠨᠢ ᠡᠷᠲᠡᠨ ᠤ ᠰᠣᠩᠭᠤᠳᠠᠭ ᠪᠥᠵᠢᠭ ︽ᠣᠨ ᠤ ᠡᠭᠡᠯᠵᠢ︾ ᠪᠠ ᠪᠥᠵᠢᠭ ︽ᠬᠠᠪᠤᠷ ᠤᠨ ᠰᠠᠯᠬᠢ | ᠠᠷᠪᠠᠨ ᠲᠦᠮᠡᠨ ᠭᠠᠵᠠᠷ︾ ᠤᠨ ᠳᠤᠮᠳᠠ ᠬᠥᠰᠢᠭᠡ ᠪᠠᠨ ᠰᠡᠬᠦᠵᠦ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ᠂ ᠬᠤᠲᠠ ᠶᠢᠨ ᠲᠣᠭᠤᠷᠢᠭ ᠤᠨ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ ᠵᠢᠴᠢ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠡᠯ᠎ᠡ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠤᠳᠬ᠎ᠠ ᠤᠷᠠᠯᠢᠭ ᠤᠨ ᠳᠤᠷ᠎ᠠ ᠪᠠᠭ᠋ᠠᠲᠠᠨ᠂ ᠰᠠᠭᠤᠭᠠᠯᠢ ᠠᠷᠠᠳ | ᠵᠡᠷᠭᠡ 120 ᠭᠠᠷᠤᠶ ᠬᠥᠮᠦᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ | | | | | ᠰᠢᠨᠬᠤᠸᠠ ᠪᠠᠷᠠᠭᠤᠨ ᠵᠡᠭᠡᠯᠢ ᠭᠤᠳᠤᠮᠵᠢ ᠬᠤᠲᠠ ᠲᠣᠭᠤᠷᠢᠭ ᠤᠨ ᠬᠤᠶᠠᠷ ᠱᠠᠲᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠤᠨ ᠳᠡᠮᠵᠢᠯᠭᠡ ᠵᠢᠯᠣᠭᠤᠳᠣᠯᠭ᠎ᠠ ᠳᠣᠤᠷ᠎ᠠ᠂ ᠨᠢᠭᠡ ᠮᠦᠴᠡᠲᠤ ᠨᠡᠶᠢᠭᠡᠮ ᠲᠣᠭᠤᠷᠢᠭ ᠤᠨ | ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠵᠢᠶᠦ᠋ᠨ ᠷᠦᠢ ᠵᠢᠶᠠ | ᠶᠤᠸᠠᠨ ᠵᠢᠵᠢᠭ ᠲᠣᠭᠤᠷᠢᠭ ᠲᠤ ᠬᠠᠶ ᠳ᠋ᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠤᠶᠢᠯᠡᠳᠤᠯᠭᠡ ᠶᠢᠨ ᠥᠷᠲᠡᠭᠡ ᠪᠠᠶᠢᠭᠤᠯᠵᠤ᠂ ᠦᠬᠠᠶ ᠬᠤᠲᠠ ᠶᠢᠨ ᠨᠣᠮ ᠤᠨ ᠰᠠᠩ ᠤᠨ ᠬᠤᠪᠢᠶᠠᠷᠢ ᠣᠷᠳᠣᠨ | ᠪᠠᠶᠢᠭᠤᠯᠵᠤ᠂ ︽ᠪᠥᠬᠦ ᠠᠷᠠᠳ ᠢᠶᠠᠷ ᠢᠶᠠᠨ ᠨᠣᠮ ᠤᠩᠰᠢᠬᠤ︾ ᠨᠣᠮ ᠤᠨ ᠬᠡᠷᠡᠮ ᠢ ᠪᠠᠶᠢᠭᠤᠯᠵᠤ᠂ ︽ᠵᠢᠵᠢᠭ | ᠲᠣᠭᠤᠷᠢᠭ ᠤᠨ ᠨᠣᠮ ᠤᠨ ᠰᠠᠩ᠂ ᠭᠤᠳᠤᠮᠵᠢ ᠶᠢᠨ ᠳᠣᠲᠣᠷᠠᠬᠢ ᠨᠣᠮ ᠤᠨ ᠬᠡᠷᠡᠮ᠂ ᠬᠡᠷ ᠤᠨ ᠡᠭᠦᠳᠡᠨ ᠳᠠᠬᠢ | ᠪᠣᠯᠪᠠᠰᠤᠨ ᠤ ᠤᠶᠢᠯᠡᠳᠤᠯᠭᠡ ᠶᠢᠨ ᠥᠷᠲᠡᠭᠡ︾ ᠶᠢ ᠪᠡᠶᠡᠯᠡᠭᠦᠯᠵᠦ᠂ ᠰᠠᠭᠤᠭᠠᠯᠢ ᠠᠷᠠᠳ ᠢ ᠬᠡᠷ ᠤᠨ ᠡᠭᠦᠳᠡᠨ ᠳᠤ ᠪᠠᠨ | ᠪᠣᠯᠪᠠᠰᠤᠨ ᠤ ᠤᠶᠢᠯᠡᠳᠤᠯᠭᠡ ᠶᠢᠨ ᠠᠵᠢᠯᠯᠠᠭ᠎ᠠ ᠳᠤ ᠣᠷᠣᠯᠴᠠᠭᠤᠯᠵᠤ᠂ ᠨᠣᠮ ᠤᠨ ᠦᠨᠦᠷ ᠠᠮᠲᠠ ᠶᠢ ᠡᠳ᠋ᠯᠡᠭᠦᠯᠪᠡ᠃ | | | | ᠲᠣᠰ ᠤᠳᠠᠭᠠᠨ ᠤ ᠦᠵᠡᠰᠬᠦᠯᠡᠩ ᠨᠢ ᠪᠥᠬᠦ ᠲᠠᠯ᠎ᠠ ᠶᠢᠨ᠂ ᠣᠯᠠᠨ ᠬᠠᠷᠠᠭᠠᠰᠤ᠂ ᠭᠦᠨ ᠳᠠᠪᠬᠤᠷᠭ᠎ᠠ ᠠᠴᠠ ︽ | ᠬᠤᠷᠢᠨ ᠳᠥᠷᠪᠡᠨ ᠴᠠᠭ ᠦᠶ᠎ᠡ ᠶᠢᠨ ᠨᠣᠮ ᠤᠨ ᠱᠣᠰᠢᠭ᠎ᠠ︾᠂ ︽ᠯᠸᠢ ᠹᠧᠩ ᠤᠨ ᠵᠣᠷᠢᠭ ᠰᠠᠨᠠᠭᠠᠨ ᠤ ᠴᠠᠭᠠᠰᠤᠨ | ᠬᠠᠶᠢᠴᠢᠯᠠᠮᠠᠯ︾᠂ ︽ᠬᠤᠪᠢᠰᠬᠠᠯ ᠤᠨ ᠵᠣᠷᠢᠭ ᠰᠠᠨᠠᠭᠠᠨ ᠤ ᠬᠠᠭᠠᠷᠢᠭᠰᠠᠨ ᠵᠢᠷᠤᠭ︾᠂ ︽ᠪᠣᠳᠠᠰ ᠤᠨ ᠪᠤᠰᠤ | ᠰᠣᠶᠣᠯ ᠤᠨ ᠥᠪ ᠤᠨ 5 ᠮᠧᠲᠷ ᠤᠨ ᠴᠠᠭᠠᠰᠤᠨ ᠬᠠᠶᠢᠴᠢᠯᠠᠮᠠᠯ ᠵᠢᠷᠤᠭ︾᠂ ︽ᠠᠷᠪᠠᠨ ᠬᠤᠶᠠᠷ ᠵᠢᠯ ᠤᠨ ᠲᠠᠮᠠᠭ᠎ᠠ | ᠵᠢᠷᠤᠭ︾ ᠵᠡᠷᠭᠡ ᠶᠢ ᠪᠠᠭᠲᠠᠭᠠᠭᠰᠠᠨ ᠪᠣᠳᠠᠰ ᠤᠨ ᠪᠤᠰᠤ ᠰᠣᠶᠣᠯ ᠤᠨ ᠥᠪ᠂ ᠤᠷᠠᠨ ᠪᠢᠴᠢᠯᠭᠡ᠂ ᠬᠠᠭᠠᠷᠢᠭᠰᠠᠨ | ᠵᠢᠷᠤᠭ᠂ ᠴᠠᠭᠠᠰᠤᠨ ᠬᠠᠶᠢᠴᠢᠯᠠᠮᠠᠯ᠂ ᠬᠡᠷᠡᠯ ᠵᠢᠷᠤᠭ᠂ ᠭᠠᠷ ᠤᠷᠠᠯᠠᠯ ᠤᠨ ᠰᠣᠶᠣᠯ ᠤᠨ ᠡᠭᠦᠳᠦᠯᠲᠡ ᠵᠢᠴᠢ ᠡᠯ᠎ᠡ | ᠲᠥᠷᠥᠯ ᠤᠨ ᠤᠳᠬ᠎ᠠ ᠤᠷᠠᠯᠢᠭ ᠤᠨ ᠪᠦᠲᠦᠭᠡᠯ ᠢ 300 ᠭᠠᠷᠤᠶ ᠬᠤᠪᠢ ᠳᠡᠯᠭᠡᠨ ᠦᠵᠡᠭᠦᠯᠵᠡᠶ᠃ ᠳᠤᠮᠳᠠᠳᠤ ᠶᠢᠨ | ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠦᠨᠳᠦᠰᠦᠨ | ᠱᠠᠲᠤᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠰᠠᠭᠤᠭᠠᠯᠢ | ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ | ᠬᠠᠶᠢᠷᠤᠪ ᠤᠨ ᠲᠤᠬᠤᠢ ᠲᠣᠭᠤᠷᠢᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠤᠳᠬ᠎ᠠ ᠤᠷᠠᠯᠢᠭ ᠤᠨ | ᠳᠤᠷ᠎ᠠ ᠪᠠᠭ᠋ᠠᠲᠠᠳ ᠪᠣᠯᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠠᠮᠢᠳᠤᠷᠠᠯ ᠳᠤ ᠭᠦᠨᠵᠡᠭᠡᠶᠢᠷᠡᠬᠦ ᠶᠢ ᠳᠡᠮᠵᠢᠨ | ᠵᠣᠷᠢᠭᠵᠢᠭᠤᠯᠵᠤ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠤᠨ ᠲᠣᠭᠤᠷᠢᠨ ᠳᠤ ᠤᠳᠬ᠎ᠠ ᠤᠷᠠᠯᠢᠭ ᠤᠨ ᠵᠣᠬᠢᠶᠠᠨ | ᠪᠦᠲᠦᠭᠡᠯᠭᠡ᠂ ᠪᠦᠬᠦ ᠠᠷᠠᠳ ᠤᠨ ᠤᠩᠰᠢᠯᠭ᠎ᠠ᠂ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ | ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠴᠢᠨᠠᠭᠰᠢᠳᠠ ᠪᠠᠬᠢᠵᠢᠭᠦᠯᠵᠦ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠢ ᠦᠨᠡᠨᠬᠦ ᠬᠡᠷᠡᠭᠯᠡᠵᠦ᠂ ᠠᠮᠢᠯᠠᠭᠤᠯᠵᠤ᠂ | ᠬᠥᠭᠵᠢᠭᠡᠵᠦ᠂ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠳᠤ ᠦᠨᠳᠦᠰᠦᠨ ᠱᠠᠲᠤᠨ ᠤ | ᠬᠦᠴᠦᠨ ᠴᠢᠳᠠᠯ ᠢ ᠨᠡᠮᠡᠷᠢᠯᠡᠨ᠎ᠡ᠃ |