︽ᠲᠤᠷᠰᠢᠯᠲᠠ ᠶᠢᠨ ᠴᠡᠭ︾᠎ ᠢ ᠤᠷᠢᠳᠠᠪᠠᠷ ᠬᠡᠷᠡᠭᠵᠢᠭᠦᠯᠵᠦ᠂ ᠬᠠᠶᠢᠷᠤᠪ ᠤᠨ ᠲᠤᠬᠤᠢ ᠶᠢᠨ ᠦᠢᠯᠡᠳᠪᠦᠷᠢᠯᠡᠯ ᠤᠨ ᠦᠭᠡᠷᠡᠴᠢᠯᠡᠯᠲᠡ ᠶᠢ ︽ᠲᠦᠷᠭᠡᠨ ᠵᠠᠮ︾᠎ ᠳᠤ ᠣᠷᠣᠭᠤᠯᠤᠨ᠎ᠠ
ᠨᠡᠶᠢᠲᠡᠯᠡᠭᠰᠡᠨ ᠴᠠᠭ᠄
2023/12/5
      11 ᠰᠠᠷ᠎ᠠ ᠶᠢᠨ 29᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ︽ᠰᠤᠷᠤᠯᠴᠠᠬᠤ ᠪᠠᠷ ᠺᠠᠳ᠋ᠷ ᠢ ᠠᠬᠢᠭᠤᠯᠵᠤ ᠦᠢᠯᠡᠳᠪᠦᠷᠢᠯᠡᠯ ᠤᠨ ᠥᠭᠡᠷᠡᠴᠢᠯᠡᠯᠲᠡ ᠶᠢ ᠠᠬᠢᠭᠤᠯᠬᠤ︾ ᠪᠠᠶᠢᠴᠠᠭᠠᠨ ᠰᠤᠳᠤᠯᠤᠯᠲᠠ ᠶᠢᠨ ᠠᠵᠢᠯ ᠵᠢᠴᠢ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠬᠤᠶᠠᠳᠤᠭᠠᠷ ᠤᠳᠠᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
20231204105232762.jpg
           ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠠᠶᠢᠷᠤᠪ ᠤᠨ ᠲᠤᠬᠤᠢ ᠲᠣᠭᠤᠷᠢᠭ ᠤᠨ ᠶᠦᠨ ᠹᠸᠢ ᠲᠠᠷᠢᠶᠠᠯᠠᠩ ᠤᠨ ᠳᠠᠷᠢᠵᠤ ᠲᠡᠵᠢᠭᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠠᠳᠤᠨ ᠭᠤᠣᠯ ᠤᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠵᠢᠴᠢ ᠵᠢᠩ ᠶᠦᠨ ᠲᠦᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠲᠣᠭᠤᠷᠢᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠬᠠᠮᠢᠶᠠᠷᠤᠯᠲᠠ᠂ ᠦᠢᠯᠡᠳᠪᠦᠷᠢᠯᠡᠯ ᠤᠨ ᠶᠠᠪᠤᠴᠠ᠂ ᠦᠢᠯᠡᠳᠬᠦᠨ ᠤ ᠪᠣᠷᠣᠯᠠᠭᠤᠯᠤᠯᠲᠠ᠂ ᠦᠢᠯᠡᠳᠬᠦᠨ ᠤ ᠰᠤᠳᠤᠯᠤᠨ ᠨᠡᠭᠡᠭᠡᠯᠲᠡ ᠵᠢᠴᠢ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯᠯᠠᠭᠠᠨ ᠤ ᠪᠠᠶᠢᠳᠠᠯ ᠢ ᠨᠢ ᠨᠠᠷᠢᠨ ᠣᠶᠢᠯᠠᠭᠠᠪᠠ᠃
20231204105243984.jpg     
      ᠬᠤᠷᠠᠯ ᠠᠴᠠ ᠴᠢᠬᠤᠯᠠᠴᠢᠯᠠᠭᠰᠠᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ︽ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠵᠤ ᠦᠨᠳᠦᠰᠦ ᠶᠢ ᠪᠠᠬᠢᠵᠢᠭᠦᠯᠵᠦ᠂ ᠡᠯ᠎ᠡ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠨᠢᠭᠡᠴᠢ ᠪᠣᠯᠤᠨ ᠪᠦᠷᠢᠯᠳᠦᠬᠦᠨ ᠨᠢᠭᠡᠴᠡ ᠶᠢᠨ ᠬᠢᠨ ᠨᠠᠮ ᠤᠨ ᠤᠳᠤᠷᠢᠳᠤᠯᠭ᠎ᠠ ᠶᠢ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠠᠵᠢᠯ ᠤᠨ ᠪᠦᠬᠦ ᠶᠠᠪᠤᠴᠠ ᠳᠤ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠷᠢᠮᠲᠠᠯᠠᠬᠤ ᠬᠡᠷᠡᠭᠲᠡᠢ᠃ ᠠᠵᠤ ᠦᠢᠯᠡᠰ ᠤᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠦᠢᠯᠡᠳᠪᠦᠷᠢ ᠶᠢᠨ ᠲᠠᠰᠤᠭ ᠲᠤ ᠣᠷᠣᠭᠤᠯᠬᠤ ᠶᠢ ᠠᠬᠢᠭᠤᠯᠬᠤ ᠬᠡᠷᠡᠭᠲᠡᠢ︔ ︽ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠲᠠᠯ᠎ᠠ ᠳᠤ ᠦᠢᠯᠡᠴᠢᠯᠡᠵᠦ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ᠃ ᠡᠯ᠎ᠡ ᠪᠦᠷᠢᠯᠳᠦᠬᠦᠨ ᠨᠢᠭᠡᠴᠡ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠭᠤᠤᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ︔ ︽ᠬᠡᠪ ᠴᠢᠨᠠᠷ ᠢ ᠳᠡᠭᠡᠭᠰᠢᠯᠡᠭᠦᠯᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶ ᠮᠡᠷᠭᠡᠵᠢᠯ ᠢᠶᠠᠷ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠦᠷᠭᠦᠯᠵᠢᠯᠡᠨ ᠪᠠᠶᠢᠭᠤᠯᠵᠤ᠂ ᠠᠵᠤ ᠦᠢᠯᠡᠰ ᠤᠨ ᠠᠵᠢᠯᠴᠢᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠤᠯᠠᠨ ᠲᠡᠰ ᠳᠠᠪᠬᠤᠷᠭ᠎ᠠ ᠤᠯᠠᠨ ᠠᠵᠢᠯ ᠲᠦᠷᠦᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠭᠦᠨᠵᠡᠭᠡᠢ ᠥᠷᠨᠢᠭᠦᠯᠵᠦ᠂ ︽ᠲᠠᠪᠤᠨ ᠪᠠᠭ᠎ᠠ︾ ᠵᠡᠷᠭᠡ ᠤᠯᠠᠨ ᠲᠦᠮᠡᠨᠴᠢ ᠴᠢᠨᠠᠷᠲᠠᠢ ᠰᠢᠨ᠎ᠡ ᠶᠢ ᠡᠭᠦᠳᠬᠦ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠬᠥᠳᠡᠯᠮᠦᠷᠢ ᠶᠢᠨ ᠵᠢᠱᠢᠶᠡᠴᠢ ᠶᠢᠨ ᠤᠷᠠᠨ ᠳᠠᠷᠬᠠᠨ ᠤ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠦᠢᠯᠡᠰ ᠤᠨ ᠠᠵᠢᠯᠴᠢᠨ ᠤ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ  ᠠᠬᠢᠭᠤᠯᠬᠤ ᠬᠡᠷᠡᠭᠲᠡᠢ ᠭᠡᠪᠡ᠃
20231204105253956.jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号