ᠬᠠᠶᠢᠷᠤᠪ ᠤᠨ ᠲᠣᠬᠤᠢ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/5
      12 ᠰᠠᠷ᠎ᠠ ᠶᠢᠨ 1 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠸᠠᠩ ᠵᠢᠤᠸᠠᠨ᠂ ᠭᠧ ᠳ᠋ᠦᠩ ᠮᠧᠶ᠂ ᠴᠢᠶᠠᠨ ᠶᠦᠨ ᠭᠧ ᠵᠡᠷᠭᠡ ᠨᠥᠬᠦᠳ ᠲᠣᠰ ᠲᠣᠰ ᠤᠨ ᠪᠠᠶᠢᠴᠠᠭᠠᠨ ᠰᠤᠳᠤᠯᠤᠯᠲᠠ ᠬᠢᠵᠦ ᠰᠡᠳᠦᠪ ᠰᠣᠩᠭᠤᠬᠤ ᠶᠢᠨ ᠲᠣᠭᠤᠷᠢᠨ ᠳᠤ ᠶᠠᠷᠢᠶ᠎ᠠ ᠲᠠᠯᠪᠢᠪᠠ᠃      ᠰᠦᠨ ᠬᠤᠤ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠴᠠᠭᠠᠨ ᠰᠤᠳᠤᠯᠤᠯᠲᠠ  ᠶᠢ ᠰᠠᠶᠢᠲᠤᠷ ᠬᠡᠷᠡᠭᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠳᠠᠲᠤ ᠪᠠᠶᠢᠳᠠᠯ ᠢ ᠨᠢ ᠨᠡᠪᠲᠡᠷᠡᠲᠡᠯ᠎ᠡ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠣᠶᠢᠯᠠᠭᠠᠵᠤ᠂ ᠠᠷᠭᠠᠴᠠᠬᠤ ᠪᠣᠳᠣᠯᠭ᠎ᠠ ᠶᠢ ᠪᠣᠳᠠᠲᠠᠶ ᠳᠡᠭᠡᠭᠰᠢᠯᠡᠭᠦᠯᠬᠦ ᠬᠡᠷᠡᠭᠲᠡᠶ︔ ᠰᠤᠳᠤᠯᠭᠠᠨ ᠢ ᠭᠦᠨᠵᠡᠭᠡᠶᠢᠷᠡᠭᠦᠯᠬᠦ ᠳᠡᠭᠡᠷ᠎ᠡ ᠬᠦᠴᠦ ᠲᠠᠯᠪᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠨᠣᠪᠴᠢᠲᠠᠶ᠂ ᠭᠦᠨᠵᠡᠭᠡᠶ᠂ ᠪᠣᠳᠠᠲᠠᠶ ᠪᠣᠯᠭᠠᠬᠤ ᠪᠠᠷ ᠴᠢᠷᠮᠠᠶᠢᠵᠤ᠂ ᠪᠠᠶᠢᠴᠠᠭᠠᠨ ᠰᠤᠳᠤᠯᠤᠯᠲᠠ ᠶᠢᠨ ᠶᠠᠰᠤ ᠴᠢᠨᠠᠷ ᠢ  ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠤ ᠬᠡᠯᠡᠪᠡ᠃      ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠠᠷᠢᠯᠴᠠᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢ ᡁᠢ ᠢ ᠬᠤᠷᠠᠯ ᠳᠤ ᠣᠷᠣᠯᠴᠠᠭᠰᠠᠨ ᠪᠥᠭᠡᠳ ᠦᠨᠡᠯᠡᠯᠲᠡ ᠬᠢᠵᠦ ᠵᠢᠭᠠᠨ ᠵᠢᠯᠣᠭᠤᠳᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号