ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/6
      12 ᠰᠠᠷ᠎ᠠ ᠶᠢᠨ 5᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠵᠧᠨ ᠷᠦᠢ ᠬᠤᠷᠠᠯ ᠢ ᠡᠷᠬᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠤᠤ ᠳ᠋ᠧᠩ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠶ ᠰᠠᠨᠠᠯ ᠤᠳ︾᠎ ᠢ ᠤᠯᠠᠮᠵᠢᠯᠠᠨ ᠰᠤᠷᠤᠯᠴᠠᠪᠠ︔ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠨᠠᠮ ᠤᠨ ᠠᠵᠢᠯ ᠨᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠪᠦᠬᠦᠨ ᠢ ᠪᠦᠷᠬᠦᠬᠦᠯᠬᠦ ᠲᠦᠷᠢᠮ ᠢ ᠪᠠᠶᠢᠭᠤᠯᠬᠤ ᠲᠤᠬᠠᠶ ᠲᠦᠷᠢᠮ︾᠂ ︽ᠨᠠᠮ ᠤᠨ ᠭᠡᠰᠢᠭᠦᠨ ᠭᠡᠰᠢᠭᠦᠳ ᠤᠨ ᠨᠠᠮ ᠤᠨ ᠭᠠᠳᠠᠨᠠᠬᠢ ᠭᠡᠰᠢᠭᠦᠳ ᠲᠠᠢ ᠬᠠᠷᠢᠯᠴᠠᠬᠤ ᠠᠵᠢᠯ ᠤᠨ ᠲᠦᠷᠢᠮ︾ ᠪᠣᠯᠤᠨ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ︽ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠢ ᠪᠠᠶᠢᠭᠤᠯᠬᠤ ᠲᠤᠬᠠᠶ ᠮᠡᠳᠡᠭᠳᠡᠯ︾᠎ ᠢ ᠤᠩᠰᠢᠨ ᠨᠡᠶᠢᠲᠡᠯᠡᠵᠦ᠂ ᠲᠡᠷᠢᠭᠦᠯᠡᠭᠴᠢ ᠭᠤᠤ ᠳ᠋ᠧᠩ ᠴᠧᠩ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠲᠣᠭᠤᠷᠢᠨ ᠳᠤ ᠭᠡᠰᠢᠭᠦᠳ ᠲᠤ ᠨᠠᠮ ᠤᠨ ᠬᠢᠴᠢᠶᠡᠯ ᠵᠢᠭᠠᠪᠠ᠃      ᠭᠤᠤ ᠳ᠋ᠧᠩ ᠴᠧᠩ ᠬᠡᠯᠡᠭᠰᠡᠨ ᠨᠢ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠤᠯᠤᠰ ᠲᠦᠷᠦ ᠶᠢᠨ ᠴᠢᠭᠯᠡᠯ ᠬᠡᠯᠪᠠᠶᠢᠬᠦ ᠦᠭᠡᠢ᠂ ᠤᠯᠤᠰ ᠲᠦᠷᠦ ᠶᠢᠨ ᠵᠣᠭᠰᠣᠯᠲᠠ ᠬᠤᠪᠢᠷᠠᠬᠤ ᠦᠭᠡᠢ ᠪᠠᠶᠢᠬᠤ ᠶᠢ ᠪᠠᠲᠤᠯᠠᠵᠤ᠂ ᠤᠯᠤᠰ ᠲᠦᠷᠦ ᠶᠢᠨ ᠲᠠᠯ᠎ᠠ ᠶᠢᠨ ᠣᠶᠢᠯᠠᠭᠠᠯᠲᠠ ᠪᠠ ᠦᠨᠡᠨᠴᠢ ᠰᠢᠳᠤᠷᠭᠤ ᠬᠥᠮᠦᠨ ᠪᠣᠯᠬᠤ ᠬᠡᠷᠡᠭᠲᠡᠢ︔ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠭᠠᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠬᠦᠳᠦᠯᠦᠨ ᠳᠠᠭᠠᠭᠤᠯᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ︔ ᠰᠤᠷᠲᠠᠯ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠲᠤ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠪᠣᠯᠭᠠᠬᠤ ᠬᠡᠷᠡᠭᠲᠡᠢ ᠭᠡᠪᠡ᠃       ᠭᠤᠤ ᠳ᠋ᠧᠩ ᠴᠧᠩ ᠬᠡᠯᠡᠭᠰᠡᠨ ᠨᠢ᠂ ᠨᠠᠮ ᠤᠨ ᠪᠠᠶᠢᠭᠤᠯᠤᠯᠲᠠ ᠪᠠᠷ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠶᠢ ᠠᠬᠢᠭᠤᠯᠵᠤ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠴᠢᠭᠯᠡᠯ ᠢ ᠰᠠᠶᠢᠲᠤᠷ ᠡᠵᠡᠮᠳᠡᠵᠦ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠬᠢᠵᠦ ᠦᠨᠳᠦᠰᠦᠨ ᠱᠠᠳᠤ ᠲᠡᠰᠢ ᠤᠷᠲᠤᠳᠬᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠪᠬᠢᠲᠡᠢ ᠣᠷᠣᠯᠴᠠᠵᠤ᠂ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠳᠤ ᠢᠯᠡᠭᠦᠬᠡᠨ ᠭᠦᠨᠵᠡᠭᠡᠶᠢᠷᠡᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠦᠨᠳᠦᠰᠦᠨ ᠱᠠᠲᠤᠨ ᠤ ᠤᠯᠠᠨ ᠲᠦᠮᠡᠨ ᠤ ᠪᠣᠳᠠᠲᠠᠢ ᠠᠰᠠᠭᠤᠳᠠᠯ ᠢ ᠢᠯᠡᠭᠦᠬᠡᠨ ᠰᠢᠢᠳᠪᠦᠷᠢᠯᠡᠬᠦ ᠬᠡᠷᠡᠭᠲᠡᠢ ᠭᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号