ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠬᠠᠶᠢᠷᠤᠪ ᠤᠨ ᠲᠤᠬᠤᠢ ᠲᠣᠭᠤᠷᠢᠭ ᠤᠨ ᠨᠡᠭᠦᠷᠡᠰᠦᠨ ᠤ ᠭᠠᠶᠢᠯᠢ ᠲᠠᠲᠠᠪᠤᠷᠢ ᠶᠢ ᠬᠢᠨᠠᠨ ᠬᠠᠮᠢᠶᠠᠷᠴᠤ ᠵᠠᠰᠠᠬᠤ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/12/6
ᠴᠡᠭᠡᠯ ᠠᠭᠤᠯᠠ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠲᠣᠭᠤᠷᠢᠭ ᠲᠤ ᠰᠠᠭᠤᠭ᠎ᠠ ᠬᠠᠮᠢᠶ᠎ᠠ ᠪᠦᠬᠦᠢ ᠨᠢᠭᠡᠴᠡ᠄      ︽ᠪᠥᠬᠦ ᠬᠤᠲᠠ ᠶᠢᠨ ᠨᠡᠭᠦᠷᠡᠰᠦᠨ ᠤ ᠠᠵᠢᠯ ᠲᠥᠷᠥᠯ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠦᠬᠠᠶ ᠶᠢᠨ ᠶᠡᠷᠦᠩᠬᠡᠶᠢᠯᠡᠨ ᠵᠠᠰᠠᠬᠤ ᠭᠠᠶᠢᠯᠢ ᠶᠢᠨ ᠠᠯᠪᠠᠨ ﹇2020﹈ 2 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠨᠡᠭᠦᠷᠡᠰᠦᠨ ᠤ ᠠᠵᠢᠯ ᠲᠥᠷᠥᠯ ᠤᠨ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠡᠭᠦᠷᠡᠰᠦᠨ ᠤ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠶᠢᠷᠤᠪ ᠤᠨ ᠲᠣᠬᠤᠢ ᠲᠣᠭᠤᠷᠢᠭ ᠤᠨ ᠨᠡᠭᠦᠷᠡᠰᠦ ᠶᠢ ᠬᠢᠨᠠᠨ ᠬᠠᠮᠢᠶᠠᠷᠴᠤ ᠵᠠᠰᠠᠬᠤ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶᠎ ᠢ ᠪᠠᠶᠢᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ      ᠳᠤᠭᠤᠶᠢᠯᠠᠩ ᠤᠨ ᠳᠠᠷᠤᠭ᠎ᠠ᠄ ᠰᠤᠳᠤᠪᠢᠯᠢᠭ᠌   ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠃      ᠪᠦᠷᠢᠯᠳᠦᠬᠦᠨ᠄ ᠰᠢᠤᠢ ᠵᠢᠶᠧ   ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠯᠢᠦᠶ ᠰᠢᠶᠠᠩ ᠾᠦᠢ     ᠲᠣᠭᠤᠷᠢᠭ ᠤᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ      ᠲᠠ ᠸᠧᠢ ᠳ᠋ᠠᠢ    ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠯᠢ ᠷᠦᠢ ᠹᠧᠨ     ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ᠃      ᠲᠢᠶᠠᠨ ᠫᠸᠢ ᠷᠦᠩ    ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠠᠷᠤᠭ᠎ᠠ      ᠰᠦᠩ ᠬᠠᠶ ᠵᠢᠶᠦ᠋ᠨ   ᠦᠬᠠᠶ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠠᠷᠤᠭ᠎ᠠ      ᠴᠢᠶᠣᠤ ᠲᠦᠩ       ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶᠠᠨ ᠤ ᠳᠠᠷᠤᠭ᠎ᠠ      ᠸᠧᠶ ᠸᠧᠶ           ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶᠠᠨ ᠤ ᠳᠠᠷᠤᠭ᠎ᠠ      ᠪᠠᠭᠠᠲᠤᠷ        ᠦᠬᠠᠢ ᠬᠤᠳᠠ ᠶᠢᠨ ᠬᠠᠶᠢᠷᠤᠪ ᠤᠨ ᠲᠤᠬᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ      ᠬᠤᠶᠠᠷ᠂ ᠪᠤᠰᠤᠳ ᠵᠦᠢᠯ      ︵ᠨᠢᠭᠡ︶ ᠤᠳᠤᠷᠢᠳᠬᠤ ᠳᠤᠭᠤᠢᠯᠠᠩ ᠤᠨ ᠭᠤᠣᠯ ᠡᠭᠦᠷᠭᠡ ᠬᠠᠷᠢᠭᠤᠴᠠᠯᠭ᠎ᠠ᠄ ᠬᠠᠶᠢᠷᠤᠪ  ᠤᠨ ᠲᠣᠬᠤᠢ ᠲᠣᠭᠤᠷᠢᠭ ᠤᠨ ᠨᠡᠭᠦᠷᠡᠰᠦᠨ ᠤ ᠠᠵᠢᠯ ᠲᠥᠷᠥᠯ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠤᠡᠬᠠᠵᠤ ᠭᠠᠢᠯᠢ ᠲᠠᠲᠠᠪᠤᠷᠢ ᠶᠢᠨ ᠡᠮᠬᠢ ᠳᠢᠭᠯᠢᠮ ᠢ ᠴᠡᠭᠴᠡᠯᠡᠬᠦ ᠠᠵᠢᠯ ᠢ ᠭᠦᠨᠵᠡᠭᠡᠢ ᠥᠷᠨᠢᠭᠦᠯᠦᠨ᠎ᠡ᠃      ︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠠᠶᠢᠷᠤᠪ ᠤᠨ ᠲᠣᠬᠤᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠᠲᠠᠶ ᠰᠠᠨᠠᠭᠤᠯᠭ᠎ᠠ ᠶᠢᠨ ᠲᠥᠰᠦᠯ ᠢ ᠰᠤᠳᠤᠯᠤᠨ ᠳᠤᠷᠠᠳᠴᠤ᠂ ᠤᠳᠤᠷᠢᠳᠬᠤ ᠳᠤᠭᠤᠶᠢᠯᠠᠩ ᠤᠨ ᠵᠥᠪᠯᠡᠨ ᠲᠣᠭᠲᠠᠭᠠᠭᠰᠠᠨ ᠵᠦᠢᠯᠡᠰ ᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠶᠢᠷᠤᠪ ᠤᠨ ᠲᠣᠬᠤᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠰᠢᠤᠢ ᠵᠢᠶᠧ ᠬᠠᠪᠰᠤᠷᠭᠠᠨ ᠬᠠᠷᠢᠭᠤᠴᠠᠨ᠎ᠠ᠃      ︵ᠭᠤᠷᠪᠠ︶ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠠᠵᠢᠯ ᠤᠨ ᠬᠤᠪᠢᠷᠠᠯᠲᠠ ᠠᠴᠠ ᠪᠣᠯᠵᠤ ᠲᠣᠬᠢᠷᠠᠭᠤᠯᠤᠯᠲᠠ ᠬᠢᠬᠦ ᠴᠢᠬᠤᠯᠠᠲᠠᠶ ᠪᠣᠯ ᠪᠠᠶᠢᠭ᠎ᠠ ᠨᠢᠭᠡᠴᠡ ᠠᠴᠠ ᠨᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠳᠤᠷᠠᠳᠴᠤ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃ ᠤᠳᠤᠷᠢᠳᠬᠤ ᠳᠤᠭᠤᠶᠢᠯᠠᠩ ᠨᠢ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠬᠤ ᠦᠭᠡᠢ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠦᠭᠡᠢ ᠪᠣᠯᠤᠨ᠎ᠠ᠃                     2023 ᠣᠨ ᠤ 8 ᠰᠠᠷ᠎ᠠ ᠶᠢᠨ 30᠎ ᠤ ᠡᠳᠦᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号