ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠠᠮᠤᠷ ᠲᠦᠪᠰᠢᠨ ᠤ ᠪᠠᠶᠢᠴᠠᠭᠠᠯᠲᠠ︾᠎ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/12/6
      ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠭᠠᠰᠬᠠᠬᠤ ᠪᠠ ᠰᠡᠷᠭᠡᠶᠢᠯᠡᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠬᠤ ᠶᠢᠨ ᠲᠥᠯᠥᠭᠡ᠂ ᠥᠷᠭᠡᠨ ᠣᠯᠠᠨ ᠪᠠᠭᠰᠢ ᠰᠤᠷᠤᠭᠴᠢᠳ ᠲᠤ ᠠᠮᠤᠷ ᠲᠦᠪᠰᠢᠨ ᠡᠮᠬᠢ ᠵᠢᠷᠤᠮ ᠲᠠᠢ ᠰᠤᠷᠤᠯᠴᠠᠬᠤ ᠪᠠ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠬᠠᠮᠤᠭ ᠤᠨ ᠶᠡᠭᠡ ᠬᠡᠮᠵᠢᠶ᠎ᠡ ᠪᠠᠷ ᠡᠭᠦᠳᠴᠦ  ᠦᠭᠬᠦ ᠶᠢᠨ ᠲᠦᠯᠤᠭᠡ᠂ 12 ᠰᠠᠷ᠎ᠠ ᠶᠢᠨ 4᠎ ᠤ ᠡᠳᠦᠷ ᠠᠴᠠ ᠡᠬᠢᠯᠡᠨ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠦᠬᠠᠶ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠠᠶᠤᠯᠭᠦᠶ ᠦᠢᠯᠡᠳᠪᠦᠷᠢᠯᠡᠯ ᠤᠨ ︿ᠪᠡᠶ᠎ᠡ ᠶᠢᠨ ᠪᠠᠶᠢᠴᠠᠭᠠᠯᠲᠠ﹀᠎ ᠶᠢᠨ ᠠᠵᠢᠯ ᠤᠨ ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠬᠠᠷᠢᠶ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠤ ︽ᠠᠮᠤᠷ ᠲᠦᠪᠰᠢᠨ ᠤ ᠪᠡᠶ᠎ᠡ ᠶᠢᠨ ᠪᠠᠶᠢᠴᠠᠭᠠᠯᠲᠠ︾᠎ ᠶᠢᠨ ᠠᠵᠢᠯ ᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃      ᠲᠣᠰ ᠤᠳᠠᠭᠠᠨ ᠤ ︽ᠠᠮᠤᠷ ᠲᠦᠪᠰᠢᠨ ᠤ ᠪᠡᠶ᠎ᠡ ᠶᠢᠨ ᠪᠠᠶᠢᠴᠠᠭᠠᠯᠲᠠ︾᠎ ᠶᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠦᠢᠯᠡᠴᠢᠯᠡᠭᠡ ᠬᠤᠳᠠᠯᠳᠤᠨ ᠠᠪᠬᠤ᠂ ᠭᠤᠷᠪᠠᠳᠠᠬᠢ ᠡᠲᠡᠭᠡᠳ ᠤᠨ ᠠᠮᠤᠷ ᠲᠦᠪᠰᠢᠨ ᠤ ᠵᠠᠭᠤᠴᠢ ᠪᠠᠶᠢᠭᠤᠯᠤᠮᠵᠢ ︽ᠪᠡᠶ᠎ᠡ ᠶᠢᠨ ᠪᠠᠶᠢᠴᠠᠭᠠᠯᠲᠠ︾᠎ ᠶᠢᠨ ᠠᠷᠭ᠎ᠠ ᠮᠠᠶ᠋ᠢᠭ ᠢ ᠬᠡᠷᠡᠭᠯᠡᠨ᠎ᠡ᠃ ᠪᠠᠶᠢᠴᠠᠭᠠᠬᠤ ᠳᠤᠭᠤᠶᠢᠯᠠᠩ ᠤᠨ ᠬᠢᠨ ᠢᠳᠡᠭᠡᠨ ᠤᠮᠳᠠᠭᠠᠨ ᠤ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ ᠠᠮᠤᠷ ᠲᠦᠪᠰᠢᠨ᠂ ᠤᠰᠤ ᠴᠠᠬᠢᠯᠭᠠᠨ ᠤ ᠠᠷᠭ᠎ᠠ ᠬᠡᠮᠵᠢᠶ᠎ᠡ᠂ ᠠᠮᠤᠷ ᠲᠦᠪᠰᠢᠨ ᠤ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ᠂ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠵᠢᠴᠢ ᠲᠦᠷᠢᠮ ᠢ ᠨᠠᠶᠢᠳᠠᠪᠤᠷᠢᠵᠢᠭᠤᠯᠬᠤ ᠵᠡᠷᠭᠡ ᠠᠭᠤᠯᠭ᠎ᠠ ᠶᠢᠨ ᠲᠤᠬᠠᠶ ᠪᠥᠬᠦ ᠲᠠᠯ᠎ᠠ ᠪᠠᠷ ᠨᠠᠷᠢᠨ ᠬᠢᠨᠠᠮᠠᠭᠠᠶ ᠪᠠᠶᠢᠴᠠᠭᠠᠯᠲᠠ ᠬᠢᠵᠦ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤᠮᠳᠠᠬᠢ ᠠᠶᠤᠯ ᠬᠥᠨᠥᠭᠡᠯ ᠲᠠᠢ ᠬᠦᠴᠦᠨ ᠵᠦᠢᠯ ᠢ ᠢᠯᠭᠠᠨ ᠲᠠᠨᠢᠬᠤ ᠪᠠ ᠵᠠᠳᠠᠯᠵᠤ᠂ ᠠᠮᠤᠷ ᠲᠦᠪᠰᠢᠨ ᠤ ᠲᠦᠭᠰᠢᠭᠦᠷᠢ ᠶᠢᠨ ᠴᠡᠭ ᠢ ᠪᠥᠬᠦ ᠲᠠᠯ᠎ᠠ ᠪᠠᠷ ᠡᠷᠢᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ᠂ ᠬᠡᠷᠡᠭᠵᠢᠭᠦᠯᠵᠦ ᠪᠣᠯᠬᠤᠶᠢᠴᠠ ᠠᠮᠤᠷ ᠲᠦᠪᠰᠢᠨ ᠤ ᠠᠷᠭᠠᠴᠠᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠴᠤ᠂ ᠠᠶᠤᠯᠭᠦᠶ ᠦᠢᠯᠡᠳᠪᠦᠷᠢᠯᠡᠯ ᠤᠨ ︽ᠪᠡᠶ᠎ᠡ ᠶᠢᠨ ᠪᠠᠶᠢᠴᠠᠭᠠᠯᠲᠠ︾᠎ ᠶᠢᠨ ᠳ᠋ᠦᠩᠨᠡᠯᠲᠡ ᠭᠠᠷᠭᠠᠪᠠ᠃ ᠨᠠᠷᠢᠨ ᠨᠢᠮᠪᠠᠶ ︽ᠪᠡᠶ᠎ᠡ ᠶᠢᠨ ᠪᠠᠶᠢᠴᠠᠭᠠᠯᠲᠠ︾᠎ ᠪᠠᠷ ᠳᠠᠮᠵᠢᠭᠤᠯᠤᠨ᠂ ᠬᠦᠨᠳᠦ ᠶᠡᠭᠡ ᠠᠶᠤᠯ ᠲᠦᠭᠰᠢᠭᠦᠷᠢ᠂ ᠪᠠᠭᠤᠷᠠᠶ ᠭᠤᠭᠴᠤᠭ᠎ᠠ  ᠶᠢ ᠠᠷᠢᠯᠭᠠᠵᠤ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠬᠦᠴᠦᠲᠡᠶ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ︽ᠪᠡᠶ᠎ᠡ ᠶᠢᠨ ᠪᠠᠶᠢᠴᠠᠭᠠᠯᠲᠠ︾᠎ ᠶᠢᠨ ᠠᠵᠢᠯ ᠢ ᠭᠦᠨᠵᠡᠭᠡᠶ ᠨᠠᠷᠢᠨ ᠨᠢᠮᠪᠠᠶ ᠥᠷᠨᠢᠭᠦᠯᠵᠦ᠂ ᠪᠠᠭᠤᠷᠠᠶ ᠭᠤᠭᠴᠤᠭ᠎ᠠ ᠪᠠ ᠠᠶᠤᠯ ᠲᠦᠭᠰᠢᠭᠦᠷᠢ ᠶᠢᠨ ᠳᠠᠯᠳᠠ ᠭᠡᠮ ᠢ ᠣᠨᠣᠪᠴᠢᠲᠠᠶ ᠡᠷᠢᠵᠦ᠂ ᠬᠦᠨᠳᠦ ᠶᠡᠭᠡ ᠣᠨᠴᠠ ᠶᠡᠭᠡ ᠠᠳᠡᠯ ᠢ ᠡᠷᠡᠰ ᠬᠤᠷᠢᠭᠯᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠬᠠᠮᠠᠭᠠᠯᠠᠬᠤ ᠬᠡᠷᠡᠭᠲᠡᠶ᠃
1701739527106033712.png     
      ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠪᠦᠬᠦ ᠤᠯᠤᠰ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠨᠠᠶᠢᠳᠠᠪᠤᠷᠢᠵᠢᠭᠤᠯᠵᠤ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠥᠷᠭᠡᠨ ᠤᠯᠠᠨ ᠪᠠᠭᠰᠢ ᠰᠤᠷᠤᠭᠴᠢᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠲᠤᠭᠤᠷᠢᠭ ᠤᠨ ᠬᠠᠷᠢᠶ᠎ᠠ ᠰᠤᠷᠭᠠᠭᠤᠯᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号