ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠴᠢᠩᠭ᠎ᠠ ᠠᠩᠬᠠᠷᠴᠤ ᠪᠠᠶᠢᠨ᠎ᠠ
ᠨᠡᠶᠢᠲᠡᠯᠡᠭᠰᠡᠨ ᠴᠠᠭ᠄
2023/12/6
      12 ᠰᠠᠷ᠎ᠠ ᠶᠢᠨ 3᠎ ᠤ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠡᠪᠦᠯ ᠤᠨ ᠤᠯᠠᠷᠢᠯ ᠤᠨ ᠠᠮᠤᠷ ᠲᠦᠪᠰᠢᠨ ᠤ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠡᠪᠦᠯ ᠤᠨ ᠤᠯᠠᠷᠢᠯ ᠤᠨ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠳᠠᠬᠢᠨ ᠪᠠᠶᠢᠷᠢᠯᠠᠭᠤᠯᠵᠤ᠂ ᠳᠠᠬᠢᠨ ᠴᠢᠬᠤᠯᠠᠴᠢᠯᠠᠪᠠ᠃      ᠬᠤᠷᠠᠯ ᠠᠴᠠ ᠳᠣᠤᠷᠠᠬᠢ ᠱᠠᠭᠠᠷᠳᠠᠯᠭ᠎ᠠ ᠶᠢ ᠳᠤᠷᠠᠳᠪᠠ᠄ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠦᠵᠡᠯ ᠰᠠᠨᠠᠭᠠᠨ ᠤ ᠲᠠᠯ᠎ᠠ ᠪᠠᠷ ᠲᠠᠨᠢᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠡ ᠵᠢᠯ ᠠᠴᠠ ᠨᠠᠰᠢᠬᠢ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠲᠡᠪᠴᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠴᠢᠷᠮᠠᠶᠢᠨ ᠪᠠᠶᠢᠭᠤᠯᠬᠤ ᠬᠡᠷᠡᠭᠲᠡᠢ︔ ᠬᠤᠶᠠᠷ ᠲᠤ᠂ ᠰᠤᠷᠭᠠᠭᠤᠯᠢ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠱᠠᠭᠠᠷᠳᠠᠯᠭ᠎ᠠ ᠶᠣᠰᠣᠭᠠᠷ᠂ ᠠᠮᠤᠷ ᠲᠦᠪᠰᠢᠨ ᠤ ᠲᠠᠯ᠎ᠠ ᠶᠢᠨ ᠳᠠᠯᠳᠠ ᠭᠡᠮ ᠢ ᠬᠢᠨᠠᠮᠠᠭᠠᠶ ᠡᠷᠢᠵᠦ᠂ ᠢᠯᠠᠩᠭᠤᠶ᠎ᠠ ᠦᠳᠡ ᠶᠢᠨ ᠬᠤᠭᠤᠷᠣᠨᠳᠣ᠂ ᠬᠢᠴᠢᠶᠡᠯ ᠤᠨ ᠲᠠᠰᠤᠯᠭ᠎ᠠ᠂ ᠪᠡᠶ᠎ᠡ ᠶᠢᠨ ᠲᠠᠮᠢᠷ ᠬᠢᠭᠡᠳ ᠬᠥᠳᠡᠯᠭᠡᠭᠡᠨ ᠵᠡᠷᠭᠡ ᠣᠨᠴᠣᠭᠤᠶ ᠴᠠᠭ ᠦᠶ᠎ᠡ ᠶᠢᠨ ᠰᠤᠷᠤᠭᠴᠢᠳ ᠤᠨ ᠦᠢᠯᠡ ᠠᠵᠢᠯᠯᠠᠭ᠎ᠠ ᠶᠢᠨ ᠵᠢᠷᠤᠮᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠲᠥᠬᠦᠭᠡᠷᠦᠮᠵᠢ᠂ ᠰᠤᠷᠭᠠᠭᠤᠯᠢ ᠶᠢᠨ ᠬᠦᠷᠢᠶ᠎ᠡ ᠶᠢᠨ ᠠᠵᠢᠯᠯᠠᠭᠠᠨ ᠤ ᠲᠠᠯᠠᠪᠤᠷ ᠤᠨ ᠠᠮᠤᠷ ᠲᠦᠪᠰᠢᠨ᠂ ᠬᠤᠭᠤᠯᠠᠨ ᠭᠡᠷ ᠤᠨ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠤ ᠳᠦᠷᠢᠮ ᠤᠨ ᠪᠠᠶᠢᠴᠠᠭᠠᠯᠲᠠ ᠬᠢᠭᠡᠳ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠭᠠᠯ ᠤᠨᠲᠠᠷᠠᠭᠠᠬᠤ ᠠᠮᠤᠷ ᠲᠦᠪᠰᠢᠨ᠂ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠰᠤᠷᠭᠠᠭᠤᠯᠢ ᠶᠢᠨ ᠲᠡᠷᠭᠡ ᠪᠠ ᠵᠠᠮ ᠬᠠᠷᠢᠯᠴᠠᠭ᠎ᠠ ᠵᠡᠷᠭᠡ ᠠᠮᠤᠷ ᠲᠦᠪᠰᠢᠨ ᠤ ᠲᠠᠯ᠎ᠠ ᠪᠠᠷ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠵᠢᠯ ᠤᠨ ᠡᠬᠡ ᠲᠠᠩᠰᠠ ᠶᠢ ᠪᠦᠷᠢᠨᠰᠢᠬᠦᠯᠦᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠵᠠᠭᠪᠤᠷ ᠢ ᠪᠣᠶ ᠪᠣᠯᠭᠠᠨ᠎ᠠ︔ ᠭᠤᠷᠪᠠ ᠳᠤ᠂ ᠠᠮᠤᠷ ᠲᠦᠪᠰᠢᠨ ᠤ ᠬᠥᠮᠦᠵᠢᠯ ᠢ ᠥᠷᠭᠡᠨ ᠢᠶᠠᠷ ᠥᠷᠨᠢᠭᠦᠯᠦᠨ᠎ᠡ᠃ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ᠂ ᠣᠯᠠᠨ ᠵᠦᠢᠯ ᠤᠨ ᠬᠡᠯᠪᠡᠷᠢ ᠪᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤᠨ ᠳᠤ ᠵᠢᠪᠬᠦ ᠶᠢ ᠰᠡᠷᠭᠡᠶᠢᠯᠡᠬᠦ᠂ ᠭᠢᠰᠬᠢᠯᠲᠡ ᠠᠴᠠ ᠰᠡᠷᠭᠡᠶᠢᠯᠡᠬᠦ᠂ ᠳᠣᠷᠣᠮᠵᠢᠯᠠᠯ ᠢ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠰᠢᠲᠠᠮᠠᠬᠠᠶ ᠬᠡᠶ ᠶᠢᠨ ᠠᠮᠤᠷ ᠲᠦᠪᠰᠢᠨ ᠵᠡᠷᠭᠡ ᠳᠤ ᠴᠢᠭᠯᠡᠭᠦᠯᠦᠨ᠂ ᠬᠡᠷ ᠤᠨ ᠠᠬᠠᠮᠠᠳ ᠲᠤ ᠥᠭᠭᠦᠭᠰᠡᠨ ᠨᠢᠭᠡ ᠬᠤᠪᠢ ᠵᠠᠬᠢᠳᠠᠯ᠂ ᠣᠬᠤᠷ ᠴᠢᠮᠡᠭᠡ ᠶᠢᠨ ᠰᠠᠨᠠᠭᠤᠯᠤᠮᠵᠢ ᠪᠠ ᠬᠡᠷ ᠤᠨ ᠠᠬᠠᠮᠠᠳ ᠤᠨ ᠬᠤᠷᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷ ᠤᠨ ᠠᠬᠠᠮᠠᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠵᠤ᠂ ᠬᠡᠷ ᠤᠨ ᠠᠬᠠᠮᠠᠳ ᠢ ᠬᠥᠲᠥᠯᠦᠨ ᠵᠢᠯᠣᠭᠤᠳᠴᠤ ᠪᠠᠶᠢᠭᠠᠳ ᠰᠤᠷᠤᠭᠴᠢᠳ ᠤᠨ ᠠᠮᠤᠷ ᠲᠦᠪᠰᠢᠨ᠂ ᠡᠷᠡᠭᠦᠯ᠂ ᠪᠣᠯᠪᠠᠰᠤᠨ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠢᠳᠡᠪᠬᠢᠲᠡᠶ ᠪᠠᠷ ᠪᠣᠶ ᠪᠣᠯᠭᠠᠵᠤ ᠥᠭᠭᠦᠨ᠎ᠡ︔ ᠳᠥᠷᠪᠡ ᠳᠤ ᠴᠢᠬᠤᠯᠠ ᠴᠠᠭ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠰᠤᠷᠤᠭᠴᠢᠳ ᠤᠨ ᠰᠤᠷᠭᠠᠭᠤᠯᠢ ᠳᠤ ᠣᠴᠢᠬᠤ ᠴᠠᠭ ᠢ ᠪᠠᠷᠢᠮᠲᠠᠯᠠᠵᠤ᠂ ᠰᠤᠷᠭᠠᠭᠤᠯᠢ ᠶᠢᠨ ᠡᠭᠦᠳᠡᠨ ᠳᠤ ᠵᠢᠵᠢᠭᠦᠷᠯᠡᠨ ᠰᠠᠬᠢᠬᠤ ᠵᠢᠴᠢ ᠡᠷᠭᠢᠨ ᠲᠣᠭᠤᠷᠢᠨ ᠢ ᠲᠣᠭᠤᠷᠢᠨ ᠪᠠᠶᠢᠴᠠᠭᠠᠬᠤ ᠶᠢ ᠦᠨᠡᠨ ᠬᠦ ᠪᠠᠲᠤᠯᠠᠵᠤ᠂ ᠰᠤᠷᠤᠭᠴᠢᠳ ᠤᠨ ᠠᠮᠤᠷ ᠲᠦᠪᠰᠢᠨ᠂ ᠡᠮᠬᠢ ᠵᠢᠷᠤᠮ ᠲᠠᠢ ᠪᠠᠷ ᠰᠤᠷᠭᠠᠭᠤᠯᠢ ᠳᠠᠭᠠᠨ ᠪᠠᠭᠤᠬᠤ ᠶᠢ ᠬᠥᠲᠥᠯᠥᠨ ᠵᠢᠯᠣᠭᠤᠳᠬᠤ ᠶᠢᠨ ᠬᠠᠮᠲᠤ ᠰᠤᠷᠤᠭᠴᠢᠳ ᠤᠨ ᠰᠤᠷᠭᠠᠭᠤᠯᠢ ᠳᠤ ᠣᠴᠢᠬᠤ ᠬᠤᠭᠤᠴᠠᠭᠠᠨ ᠳᠤ ᠢᠯᠡᠷᠡᠭᠰᠡᠨ ᠰᠡᠵᠢᠭᠯᠡᠯᠲᠡᠶ ᠪᠠᠶᠢᠳᠠᠯ᠂ ᠬᠥᠮᠦᠰ ᠢ ᠠᠩᠬᠠᠷᠴᠤ᠂ ᠴᠠᠭ ᠲᠤᠬᠠᠶ ᠳᠤᠨᠢ ᠰᠢᠢᠤᠡᠪᠤᠷᠢᠯᠡᠵᠤ᠂ ᠮᠡᠳᠡᠭᠦᠯᠵᠦ᠂ ᠴᠠᠭᠳᠠᠭ᠎ᠠ ᠳᠤ ᠮᠡᠳᠡᠭᠦᠯᠵᠦ᠂ ᠲᠦᠭᠰᠢᠭᠦᠷᠢ ᠮᠡᠳᠡᠭᠦᠯᠬᠦ ᠬᠡᠷᠡᠭᠲᠡᠶ︔ ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠬᠤᠭᠤᠴᠠᠭᠠᠨ ᠳᠤ᠂ ᠡᠯ᠎ᠡ ᠠᠰᠠᠷ ᠤᠨ ᠱᠠᠲᠤ᠂ ᠲᠠᠮᠢᠷ ᠤᠨ ᠲᠠᠯᠠᠪᠠᠶ ᠵᠡᠷᠭᠡ ᠰᠤᠷᠤᠭᠴᠢ ᠣᠯᠠᠨ ᠭᠠᠵᠠᠷ ᠲᠤ ᠪᠠᠭᠰᠢ ᠵᠢᠵᠢᠭᠦᠷᠯᠡᠨ ᠰᠠᠬᠢᠬᠤ ᠬᠡᠷᠡᠭᠲᠡᠶ︔ ᠬᠡᠦᠬᠡᠳ ᠤᠨ ᠴᠡᠴᠡᠷᠯᠢᠭ ᠤᠨ ᠰᠤᠷᠤᠭᠴᠢᠳ ᠦᠳᠡ ᠳᠤ ᠰᠤᠷᠭᠠᠭᠤᠯᠢ ᠳᠤ ᠪᠠᠶᠢᠬᠤ ᠬᠤᠭᠤᠴᠠᠭᠠᠨ ᠎ ᠳᠠᠬᠢ ᠦᠳᠡ ᠶᠢᠨ ᠠᠮᠠᠷᠠᠯᠲᠠ᠂ ᠡᠭᠦᠳᠡᠨ ᠬᠠᠷᠠᠭᠤᠯ ᠤᠨ ᠵᠢᠵᠢᠭᠦᠷ ᠢ ᠴᠢᠩᠭᠠᠳᠬᠠᠬᠤ ᠠᠴᠠ ᠭᠠᠳᠠᠨ᠎ᠠ᠂ ᠵᠢᠵᠢᠭᠦᠷ ᠤᠨ ᠪᠠᠭᠰᠢ ᠴᠦ ᠡᠷᠬᠡᠪᠰᠢ ᠰᠤᠷᠭᠠᠭᠤᠯᠢ ᠳᠤ ︵ᠴᠡᠴᠡᠷᠯᠢᠭ︶ ᠳᠣᠲᠣᠷᠠᠬᠢ ᠵᠢᠵᠢᠭᠦᠷ ᠤᠨ ᠴᠠᠭᠳᠠᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠶ︔ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠨᠢ ᠰᠤᠷᠤᠭᠴᠢᠳ ᠤᠨ ᠪᠠᠶᠢᠷᠢ ᠶᠢᠨ ᠰᠥᠨᠢ ᠶᠢᠨ ᠬᠠᠮᠢᠶᠠᠷᠤᠯᠲᠠ ᠶᠢ ᠣᠨᠴᠠᠭᠠᠶᠢᠯᠠᠨ ᠴᠢᠩᠭᠠᠳᠬᠠᠵᠤ᠂ ᠣᠷᠣᠢ ᠪᠦᠷᠢ ᠨᠡᠷ᠎ᠡ ᠳᠤᠷᠠᠳᠬᠤ᠂ ᠪᠠᠭᠰᠢ ᠰᠥᠨᠢ ᠪᠠᠷ ᠵᠢᠵᠢᠭᠦᠷᠯᠡᠨ ᠰᠠᠬᠢᠬᠤ᠂ ᠰᠥᠨᠢ ᠪᠠᠷ ᠲᠣᠭᠤᠷᠢᠨ ᠴᠠᠭᠳᠠᠬᠤ ᠵᠡᠷᠭᠡ ᠲᠦᠷᠢᠮ ᠢ ᠪᠠᠷᠢᠮᠲᠠᠯᠠᠵᠤ᠂ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ︔ ᠲᠠᠪᠤ ᠳᠤ᠂ ᠸᠢᠳᠢᠣ᠋ ᠪᠠᠷ ᠬᠢᠨᠠᠨ ᠡᠵᠡᠮᠳᠡᠬᠦ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠡᠯ᠎ᠡ ᠭᠤᠤᠯ ᠣᠷᠣᠵᠤ ᠭᠠᠷᠬᠤ ᠡᠭᠦᠳᠡ᠂ ᠭᠤᠤᠯ ᠨᠡᠪᠲᠡᠷᠡᠬᠦ ᠣᠷᠣᠨ᠂ ᠬᠥᠮᠦᠨ ᠬᠠᠷ᠎ᠠ ᠬᠤᠷᠠᠨ ᠴᠤᠭᠯᠠᠷᠠᠬᠤ ᠲᠠᠯᠠᠪᠤᠷ ᠵᠡᠷᠭᠡ ᠭᠤᠤᠯᠳᠠᠯᠭ᠎ᠠ ᠲᠠᠢ ᠬᠡᠰᠡᠭ ᠲᠤ ᠴᠥᠮ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠤᠭᠰᠠᠷᠠᠵᠤ᠂ ᠬᠢᠨᠠᠨ ᠡᠵᠡᠮᠳᠡᠬᠦ ᠲᠠᠪᠴᠠᠩ 24 ᠴᠠᠭ ᠲᠤ ᠵᠢᠵᠢᠭᠦᠷᠯᠡᠨ ᠰᠠᠬᠢᠬᠤ ᠬᠥᠮᠦᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠴᠢᠩᠭᠠᠳᠬᠠᠵᠤ᠂ ᠲᠦᠷᠢᠮ ᠲᠣᠭᠲᠠᠴᠠ ᠪᠠᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠬᠥᠮᠦᠵᠢᠯ ᠤᠬᠠᠭᠤᠯᠭ᠎ᠠ ᠶᠢ ᠰᠠᠶᠢᠲᠤᠷ ᠬᠢᠵᠦ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号