【ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠲᠦᠯᠦᠨ ᠳᠠᠭᠠᠭᠤᠯᠬᠤ 】 ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠰᠢᠷᠢᠰ ᠠᠵᠢᠯᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠤᠯᠠᠨ ᠲᠠᠯ᠎ᠠ ᠪᠠᠷ ᠬᠦᠴᠦᠯᠡᠨ ᠠᠬᠢᠭᠤᠯᠪᠠ
ᠨᠡᠶᠢᠲᠡᠯᠡᠭᠰᠡᠨ ᠴᠠᠭ᠄
2023/12/7
      ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢᠨ ᠲᠥᠯᠥᠭᠡ᠂ ᠵᠣᠯ ᠵᠢᠷᠭᠠᠯᠲᠤ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠰᠠᠭᠤᠭᠠᠯᠢ ᠠᠷᠠᠳ ᠲᠤ ᠦᠢᠯᠡᠴᠢᠯᠡᠬᠦ᠂ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠲᠦᠰᠢᠭ ᠪᠣᠯᠭᠠᠵᠤ᠂ ᠨᠠᠮ ᠤᠨ ᠭᠡᠰᠢᠭᠦᠨ᠂ ᠤᠯᠠᠨ ᠲᠦᠮᠡᠨ᠂ ᠬᠠᠷᠢᠶ᠎ᠠ ᠣᠷᠣᠨ ᠤ ᠰᠠᠭᠤᠭᠠᠯᠢ ᠠᠷᠠᠳ ᠢᠶᠠᠷ ᠡᠲᠡᠭᠡᠳ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃      ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠤᠷᠤᠯᠴᠠᠯᠭ᠎ᠠ ᠪᠠᠷ ᠠᠵᠢᠯᠯᠠᠬᠤ ᠶᠢ ᠭᠦᠨᠵᠡᠭᠡᠶᠢᠷᠡᠭᠦᠯᠦᠨ᠎ᠡ      ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾᠎ ᠶᠢ ᠨᠡᠶᠢᠭᠡᠮ ᠲᠣᠭᠤᠷᠢᠭ ᠲᠤ ᠯᠠᠪᠳᠠᠭᠤᠨ ᠪᠠᠲᠤᠲᠠᠶ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ᠵᠣᠯ ᠵᠢᠷᠭᠠᠯᠲᠤ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠳᠡᠭᠡᠳᠦ ᠱᠠᠲᠤ ᠨᠢ ᠳᠣᠤᠷᠠᠳᠤ ᠱᠠᠲᠤ ᠪᠠᠨ ᠲᠠᠭᠠᠭᠤᠯᠬᠤ ᠲᠤᠮᠳᠠ ᠰᠤᠷᠤᠯᠴᠠᠬᠤ︾ ︽ᠬᠡᠷ ᠎ ᠳᠡᠭᠡᠨ ᠰᠠᠭᠤᠵᠤ ᠰᠤᠷᠤᠯᠴᠠᠬᠤ︾ ︽ᠠᠵᠢᠯᠯᠠᠭ᠎ᠠ ᠶᠢᠨ ᠲᠤᠮᠳᠠ ᠰᠤᠷᠤᠯᠴᠠᠬᠤ︾᠎ ᠶᠢᠨ ︽ᠭᠤᠷᠪᠠ ᠶᠢ ᠰᠤᠷᠤᠯᠴᠠᠬᠤ︾ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠤᠨ ᠣᠨᠣᠯ ᠤᠨ ᠮᠡᠳᠡᠯᠭᠡ ᠶᠢ ᠲᠠᠰᠤᠷᠠᠯᠲᠠ ᠥᠬᠡᠶ ᠪᠠᠬᠢᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠪᠡ᠃ ᠰᠠᠷ᠎ᠠ ᠪᠦᠷᠢ ᠬᠤᠯᠪᠣᠭᠳᠠᠯ ᠪᠥᠬᠦᠶ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ᠭᠠᠷᠠᠭ ᠪᠦᠷᠢ ᠶᠢᠨ ᠳᠥᠷᠪᠡᠨ ︽ᠬᠤᠨ ᠭᠠᠯᠠᠭᠤ ᠶᠢᠨ ᠡᠭᠦᠯᠡᠨ ᠬᠢᠴᠢᠶᠡᠯ ᠤᠨ ᠲᠠᠩᠬᠢᠮ︾᠎ ᠢ ᠠᠰᠢᠭᠯᠠᠨ ᠰᠦᠯᠵᠢᠶᠡᠨ ᠳᠡᠭᠡᠷᠡᠬᠢ ᠰᠤᠷᠤᠯᠴᠠᠯᠭ᠎ᠠ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠬᠠᠮᠢᠶ᠎ᠠ ᠪᠥᠬᠦᠶ ᠰᠤᠷᠤᠯᠴᠠᠯᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠤ ᠬᠦᠰᠡᠯᠡᠩ ᠢᠲᠡᠭᠡᠯ ᠪᠢᠰᠢᠷᠡᠯ ᠢ ᠪᠠᠲᠤᠳᠬᠠᠪᠠ︔ ᠬᠠᠷᠢᠶ᠎ᠠ ᠣᠷᠣᠨ ᠤ ᠪᠠᠨ ᠬᠥᠳᠡᠯᠵᠦ ᠪᠠᠷᠢᠬᠤ ᠳᠤ ᠳᠥᠭᠦᠮ ᠦᠭᠡᠢ ᠠᠬᠠᠮᠠᠳ ᠨᠠᠮ ᠤᠨ ᠭᠡᠰᠢᠭᠦᠳ ᠲᠤ ᠰᠤᠷᠤᠯᠴᠠᠯᠭ᠎ᠠ ᠶᠢ ᠬᠡᠷ ᠲᠤᠨᠢ ᠬᠦᠷᠭᠡᠬᠦ ᠠᠵᠢᠯᠯᠠᠭ᠎ᠠ ᠥᠷᠨᠢᠭᠦᠯᠵᠦ᠂ ᠨᠠᠮ ᠤᠨ ᠬᠤᠷᠢᠶ᠎ᠠ ᠳᠤ ᠤᠩᠰᠢᠯᠭ᠎ᠠ ᠶᠢᠨ ᠴᠢᠳᠠᠪᠤᠷᠢ ᠥᠬᠡᠶ ᠠᠬᠠᠮᠠᠳ ᠨᠠᠮ ᠤᠨ ᠭᠡᠰᠢᠭᠦᠨ ᠢ ᠰᠤᠷᠤᠯᠴᠠᠯᠭ᠎ᠠ ᠳᠤ ᠣᠷᠣᠯᠴᠠᠭᠤᠯᠬᠤ ᠪᠠᠷ ᠪᠠᠷᠠᠬᠤ ᠥᠬᠡᠶ᠂ ᠨᠠᠩ ᠴᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠵᠦ ᠪᠠᠶᠢᠨ᠎ᠠ︔ ᠠᠵᠢᠯᠯᠠᠭ᠎ᠠ ᠎ ᠶᠢᠨ  ᠳᠤᠮᠳᠠ ᠰᠤᠷᠤᠯᠴᠠᠭᠤᠯᠬᠤ ᠪᠠᠷ ᠳᠠᠮᠵᠢᠭᠤᠯᠤᠨ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ᠂ ᠬᠤᠪᠢᠰᠬᠠᠯ ᠤᠨ ᠺᠢᠨᠣ᠋ ᠦᠵᠡᠵᠦ᠂ ᠬᠤᠪᠢᠰᠬᠠᠯ ᠤᠨ ᠳᠤᠷᠠᠰᠤᠮᠵᠢ ᠶᠢ ᠳᠠᠬᠢᠨ ᠡᠷᠭᠢᠴᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠵᠣᠪᠠᠭᠤᠷᠢ ᠵᠦᠳᠡᠭᠦᠷᠢ ᠪᠠᠨ ᠡᠷᠭᠢᠴᠡᠭᠦᠯᠵᠦ ᠪᠠᠶᠢᠭᠠᠳ ᠥᠨᠥᠳᠦᠷ ᠤᠨ ᠵᠣᠯ ᠵᠢᠷᠭᠠᠯᠲᠤ ᠠᠮᠢᠳᠤᠷᠠᠯ ᠢᠶᠠᠨ ᠨᠠᠩ ᠢᠯᠡᠭᠦᠤ ᠨᠠᠨᠳᠢᠩᠨᠠᠵᠠᠶ᠃ ᠣᠲᠣ ᠪᠣᠯᠲᠠᠯ᠎ᠠ᠂ ᠵᠣᠯ ᠵᠢᠷᠭᠠᠯᠲᠤ ᠨᠡᠶᠢᠭᠡᠮ ᠲᠣᠭᠤᠷᠢᠭ ᠪᠥᠬᠦ ᠲᠠᠯ᠎ᠠ ᠪᠠᠷ ᠰᠤᠷᠤᠯᠴᠠᠬᠤ᠂ ᠲᠤᠰᠬᠠᠶ ᠰᠡᠳᠦᠪ ᠢᠶᠠᠷ ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠤᠰᠬᠠᠶ ᠰᠡᠳᠦᠪᠲᠦ ᠨᠠᠮ ᠤᠨ ᠬᠢᠴᠢᠶᠡᠯ᠂ ᠭᠤᠤᠯ ᠰᠡᠳᠦᠪᠲᠦ ᠨᠠᠮ ᠤᠨ ᠡᠳᠦᠷ᠂ ᠭᠤᠷᠪᠠᠨ ᠬᠤᠷᠠᠯ ᠨᠢᠭᠡ ᠬᠢᠴᠢᠶᠡᠯ᠂ ᠲᠥᠪᠯᠡᠷᠡᠭᠦᠯᠦᠨ ᠰᠤᠷᠤᠯᠴᠠᠬᠤ᠂ ᠪᠡᠶ᠎ᠡ ᠪᠠᠨ ᠳᠠᠭᠠᠭᠠᠵᠤ ᠰᠤᠷᠤᠯᠴᠠᠬᠤ ᠵᠡᠷᠭᠡ ᠬᠡᠯᠪᠡᠷᠢ ᠶᠢ ᠬᠡᠷᠡᠭᠯᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠠᠮᠢᠶ᠎ᠠ ᠪᠥᠬᠦᠶ ᠰᠤᠷᠤᠯᠴᠠᠯᠭ᠎ᠠ ᠶᠢ 36 ᠤᠳᠠᠭ᠎ᠠ ᠥᠷᠨᠢᠭᠦᠯᠵᠦ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ 2 ᠤᠳᠠᠭ᠎ᠠ ᠥᠷᠨᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠨᠠᠮ ᠤᠨ ᠵᠣᠬᠢᠶᠠᠨ ᠪᠠᠶᠢᠭᠤᠯᠤᠯᠲᠠ ᠳᠤ 6 ᠤᠳᠠᠭ᠎ᠠ ᠰᠤᠷᠤᠯᠴᠠᠵᠤ᠂ ᠬᠠᠷᠢᠶ᠎ᠠ ᠣᠷᠣᠨ ᠤ ᠨᠠᠮ ᠤᠨ ᠭᠡᠰᠢᠭᠦᠨ ᠣᠯᠠᠨ ᠲᠦᠮᠡᠨ ᠳᠤ 120 ᠭᠠᠷᠤᠶ ᠠᠰᠢᠭ ᠬᠦᠷᠲᠡᠭᠡᠪᠡ᠃      ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠠᠭᠤᠭᠠᠯᠢ ᠠᠷᠠᠳ ᠲᠤ ᠪᠣᠳᠠᠲᠤ ᠶᠠᠪᠤᠳᠠᠯ ᠬᠢᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠨ᠎ᠠ      ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠰᠢᠷᠢᠰ ᠠᠵᠢᠯᠯᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠵᠣᠯ ᠵᠢᠷᠭᠠᠯᠲᠤ ᠨᠡᠶᠢᠭᠡᠮ ᠲᠣᠭᠤᠷᠢᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ᠵᠡᠷᠭᠡ ᠵᠢᠭᠰᠠᠭᠠᠯ ᠤᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠲᠤᠷᠰᠢᠯᠭ᠎ᠠ ᠠᠷᠭ᠎ᠠ ᠬᠢᠳᠡᠯ ᠢ ᠲᠠᠰᠤᠷᠠᠯᠲᠠ ᠦᠭᠡᠢ ᠳ᠋ᠦᠩᠨᠡᠨ ᠪᠣᠯᠪᠠᠰᠤᠷᠠᠭᠤᠯᠵᠤ᠂ ᠰᠣᠶᠣᠯ ᠤᠨ ᠡᠬᠢ ᠪᠠᠶᠠᠯᠢᠭ ᠢ ᠦᠢᠯᠡᠳᠦᠯᠭᠡ ᠶᠢᠨ ᠠᠵᠢᠯᠯᠠᠭ᠎ᠠ ᠶᠢᠨ ᠪᠦᠬᠦ ᠶᠠᠪᠤᠴᠠ ᠳᠤ ᠲᠤᠤᠱᠯᠠᠭᠤᠯᠪᠠ᠃ ︽ᠵᠣᠯ ᠵᠢᠷᠭᠠᠯ ᠢ ᠢᠷᠡᠭᠦᠯᠵᠦ ᠡᠭᠦᠳᠡ ᠲᠣᠭᠰᠢᠬᠤ︾ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠤᠨ ᠦᠢᠯᠡᠳᠦᠯ ᠢ ᠤᠷᠲᠤᠳᠬᠠᠵᠤ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠤ ᠳᠤᠮᠳᠠ ᠬᠦᠷᠴᠦ᠂ ︽ᠭᠤᠷᠪᠠ ᠶᠢ ᠶᠠᠷᠢᠵᠤ ᠭᠤᠷᠪᠠ ᠶᠢ ᠬᠦᠷᠭᠡᠬᠦ︾ ᠠᠵᠢᠯᠯᠠᠭ᠎ᠠ ᠶᠢ ᠥᠷᠨᠢᠭᠦᠯᠵᠦ᠂  ᠰᠠᠭᠤᠭᠠᠯᠢ ᠠᠷᠠᠳ ᠲᠤ ᠪᠣᠳᠠᠲᠠᠢ ᠠᠰᠢᠭ ᠬᠦᠷᠲᠡᠭᠡᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ ᠳᠠᠬᠢ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠲᠠᠶᠢᠯᠪᠤᠷᠢᠯᠠᠵᠤ᠂ ᠭᠠᠳᠠᠨ᠎ᠠ ᠠᠴᠠ ᠢᠷᠡᠭᠰᠡᠨ ᠬᠥᠯᠥᠰᠥᠨ ᠠᠵᠢᠯᠴᠢᠨ ᠳᠤ ᠲᠦᠷ ᠴᠠᠭ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠤᠬᠠᠭᠤᠯᠵᠤ᠂ ᠠᠵᠢᠯ ᠣᠯᠭᠤᠬᠤ ᠠᠵᠠ ᠲᠣᠬᠢᠶᠠᠯ ᠢ ᠬᠤᠯᠪᠣᠪᠠ᠃ ᠪᠣᠳᠠᠲᠤ ᠵᠢᠱᠢᠶ᠎ᠡ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠭᠤᠭᠠᠯᠢ ᠠᠷᠠᠳ ᠲᠤ 10 ᠤᠳᠠᠭ᠎ᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠯᠪᠠᠨ ᠵᠢᠷᠤᠮ ᠤᠨ ᠡᠮᠴᠢᠯᠡᠭᠡ᠂ ᠤᠷᠠᠨ ᠪᠢᠴᠢᠯᠭᠡ᠂ ᠵᠢᠷᠤᠭ ᠵᠢᠷᠤᠬᠤ ᠵᠡᠷᠭᠡ ᠠᠵᠢᠯᠯᠠᠭ᠎ᠠ ᠶᠢ 20 ᠭᠠᠷᠤᠶ ᠲᠠᠯᠠᠪᠤᠷ ᠤᠳᠠᠭ᠎ᠠ ᠥᠷᠨᠢᠭᠦᠯᠵᠦ᠂ ︽ᠪᠢᠳᠡᠨ ᠤ ᠪᠠᠶᠠᠷ ᠤᠨ ᠡᠳᠦᠷ︾᠎ ᠲᠠᠢ ᠤᠶᠠᠯᠳᠤᠭᠤᠯᠤᠨ ᠬᠥᠷᠰᠢ ᠵᠡᠷᠭᠡᠯᠡᠳᠡᠭᠡ ᠶᠢᠨ ᠠᠵᠢᠯᠯᠠᠭ᠎ᠠ ᠶᠢ 3 ᠲᠠᠯᠠᠪᠤᠷ ᠥᠷᠨᠢᠭᠦᠯᠵᠦ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠪᠠᠶᠢᠬᠤ ᠠᠵᠢᠯᠯᠠᠭ᠎ᠠ ᠲᠠᠢ ᠤᠶᠠᠯᠳᠤᠭᠤᠯᠤᠨ 12 ᠡᠷᠦᠬᠡ ᠬᠠᠪᠰᠤᠷᠤᠨ ᠲᠡᠳᠬᠦᠵᠦ᠂ ᠬᠦᠴᠢᠷᠳᠡᠯᠲᠡᠶ ᠣᠯᠠᠨ ᠲᠦᠮᠡᠨ ᠢ 10 ᠡᠷᠦᠬᠡ ᠶᠢ ᠡᠷᠬᠢᠨ ᠦᠵᠡᠵᠦ ᠲᠣᠬᠤᠨᠢᠭᠤᠯᠵᠤ᠂ ᠦᠬᠠᠶ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠲᠠᠢ ᠬᠠᠮᠲᠤᠷᠠᠨ ᠪᠠᠶᠢᠰᠢᠩ ᠬᠡᠷ ᠤᠨ ᠲᠣᠭᠤᠷᠢᠭ ᠤᠨ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠥᠬᠡᠶ ᠪᠠᠷ ᠬᠤᠶᠠᠷ ᠥᠮᠡᠨ ᠢ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠵᠦ᠂ 300 ᠭᠠᠷᠤᠶ ᠨᠠᠮ ᠤᠨ ᠭᠡᠰᠢᠭᠦᠨ ᠣᠯᠠᠨ ᠲᠦᠮᠡᠨ ᠳᠤ ᠠᠰᠢᠭ ᠬᠦᠷᠲᠡᠭᠡᠵᠦ᠂ ᠨᠠᠮ ᠤᠨ ᠭᠡᠰᠢᠭᠦᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾᠎ ᠶᠢ ᠪᠡᠶᠡᠯᠡᠭᠦᠯᠪᠡ᠃      ᠠᠷᠠᠳ ᠤᠨ ᠵᠣᠪᠠᠨᠢᠯ ᠢ ᠠᠷᠢᠯᠭᠠᠵᠤ᠂ ᠪᠣᠳᠠᠲᠤ ᠶᠠᠪᠤᠳᠠᠯ ᠬᠢᠵᠦ᠂ ᠪᠣᠳᠠᠲᠠᠢ ᠠᠷᠭ᠎ᠠ ᠭᠠᠷᠭᠠᠬᠤ ᠬᠡᠷᠡᠭᠲᠡᠢ      ᠵᠣᠯ ᠵᠢᠷᠭᠠᠯᠲᠤ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠠᠵᠢᠯ ᠪᠣᠯᠤᠨ ᠭᠤᠣᠯᠳᠠᠯᠭ᠎ᠠ ᠲᠠᠢ ᠡᠭᠦᠷᠭᠡ ᠲᠠᠢ ᠨᠢᠭᠲᠠ ᠤᠶᠠᠯᠳᠤᠭᠤᠯᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠦᠢᠯᠡᠴᠢᠯᠡᠭᠡᠨ ᠤ ᠠᠭᠤᠯᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠵᠢᠷᠤᠮᠵᠢᠭᠤᠯᠬᠤ ᠬᠡᠷᠡᠭᠲᠡᠢ᠃ ︽ᠵᠣᠯ ᠵᠢᠷᠭᠠᠯ ᠢᠷᠡᠵᠦ ᠡᠭᠦᠳᠡ ᠲᠣᠭᠰᠢᠬᠤ ᠳᠤ᠂ ᠪᠢᠳᠡ ᠮᠡᠳᠡᠭᠡᠯᠡᠬᠦ︾ ᠦᠢᠯᠡᠴᠢᠯᠡᠭᠡᠨ ᠤ ᠣᠶᠢᠯᠠᠭᠠᠭᠳᠠᠬᠤᠨ ᠢᠶᠠᠷ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠨ ᠢᠶᠠᠷ ᠤᠷᠲᠤᠳᠬᠠᠵᠤ᠂ ᠦᠢᠯᠡᠴᠢᠯᠡᠭᠡᠨ ᠤ ᠠᠭᠤᠯᠭ᠎ᠠ ᠶᠢ ᠨᠡᠶᠢᠳᠡᠮ ᠪᠦᠷᠬᠦᠭᠦᠯᠬᠦ ᠦᠢᠯᠡᠴᠢᠯᠡᠭᠡᠨ ᠤ ᠰᠢᠰᠲ᠋ᠧᠮ ᠢ ᠪᠡᠶᠡᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠨᠡᠶᠢᠴᠡᠵᠦ᠂ ᠬᠠᠷᠢᠶ᠎ᠠ ᠣᠷᠣᠨ ᠤ ᠳᠤᠯᠠᠭᠠᠯᠠᠭ᠎ᠠ ᠬᠠᠩᠭᠠᠬᠤ᠂ ᠤᠰᠤ ᠲᠠᠲᠠᠷᠠᠭᠤᠯᠬᠤ ᠥᠭᠡᠷᠡᠴᠢᠯᠡᠯᠲᠡ᠂ ᠴᠠᠪᠴᠢ ᠶᠢᠨ ᠬᠦᠴᠢᠷᠳᠡᠯ ᠢ ᠨᠢ ᠰᠢᠢᠳᠪᠦᠷᠢᠯᠡᠬᠦ᠂ ᠬᠥᠮᠦᠨ ᠠᠮᠠ ᠶᠢ ᠨᠠᠷᠢᠯᠢᠭᠵᠢᠭᠤᠯᠤᠨ ᠬᠠᠮᠢᠶᠠᠷᠬᠤ ᠵᠡᠷᠭᠡ ᠲᠠᠯ᠎ᠠ ᠪᠠᠷ ᠭᠤᠣᠯᠳᠠᠭᠤᠯᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠤ ᠳᠠᠭᠤᠨ ᠢ ᠰᠣᠨᠣᠰᠪᠠ᠃ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠤᠭᠯᠠᠭᠤᠯᠵᠤ᠂ ᠠᠰᠠᠭᠤᠳᠠᠯ ᠤᠨ ᠨᠠᠷᠢᠨ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠠᠭ ᠤᠨ ᠬᠢᠵᠠᠭᠠᠷ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠵᠡᠷᠭᠡ ᠶᠢ ᠲᠣᠳᠣᠷᠬᠠᠶᠢᠯᠠᠵᠤ᠂ ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠨ᠂ ᠴᠠᠪᠴᠢ ᠶᠢᠨ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠲᠤᠰᠬᠠᠶ ᠠᠩᠭᠢ ᠶᠢ ᠬᠠᠪᠰᠤᠷᠤᠨ ᠰᠠᠭᠤᠭᠠᠯᠢ ᠠᠷᠠᠳ ᠲᠤ ᠨᠡᠭᠦᠯᠭᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ 52 ᠡᠷᠦᠬᠡ ᠶᠢ ᠳᠠᠶᠢᠴᠢᠯᠠᠨ ᠠᠮᠵᠢᠯᠲᠠ ᠲᠠᠢ ᠨᠡᠭᠦᠯᠭᠡᠨ᠂ ᠡᠩ ᠤᠨ ᠬᠡᠷ ᠪᠠᠶᠢᠰᠢᠩ ᠤᠨ ᠲᠣᠭᠤᠷᠢᠭ ᠤᠨ 6 ᠳᠤᠯᠠᠭᠠᠯᠠᠭ᠎ᠠ ᠬᠠᠩᠭᠠᠬᠤ ᠥᠭᠡᠷᠡᠴᠢᠯᠡᠨ ᠪᠠᠶᠢᠭᠤᠯᠬᠤ ᠬᠦᠷᠢᠶ᠎ᠡ ᠬᠡᠪᠴᠢᠶ᠎ᠡ ᠠᠴᠠ ᠭᠠᠳᠠᠨᠠᠬᠢ ᠰᠠᠭᠤᠭᠠᠯᠢ ᠠᠷᠠᠳ ᠲᠤ ᠳᠤᠯᠠᠭᠠᠯᠠᠭ᠎ᠠ ᠬᠠᠩᠭᠠᠵᠤ᠂ ᠣᠳᠣᠬᠠᠨ ᠳᠤ ᠨᠢᠭᠡᠨᠲᠡ 12 ᠵᠤᠷᠪᠤᠰ ᠠᠰᠠᠭᠤᠳᠠᠯ ᠴᠤᠭᠯᠠᠭᠤᠯᠵᠤ᠂ 10 ᠵᠤᠷᠪᠤᠰ ᠢ ᠰᠢᠢᠳᠪᠦᠷᠢᠯᠡᠪᠡ᠃      ᠳᠠᠷᠠᠭᠠᠴᠢ ᠶᠢᠨ ᠠᠯᠬᠤᠮ ᠳᠤ᠂ ᠵᠣᠯ ᠵᠢᠷᠭᠠᠯᠲᠤ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠦᠷᠭᠦᠯᠵᠢᠯᠡᠨ ᠨᠠᠮ ᠤᠨ ᠪᠠᠶᠢᠭᠤᠯᠤᠯᠲᠠ ᠶᠢᠨ ᠠᠵᠢᠯ ᠢ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ︽ᠵᠣᠯ ᠵᠢᠷᠭᠠᠯ ᠢᠶᠠᠷ ᠡᠭᠦᠳᠡ ᠲᠣᠭᠰᠢᠬᠤ︾ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠤᠷᠲᠤᠳᠬᠠᠵᠤ᠂ ᠰᠠᠭᠤᠭᠠᠯᠢ ᠠᠷᠠᠳ ᠪᠣᠯᠤᠨ ᠬᠠᠷᠢᠶ᠎ᠠ ᠣᠷᠣᠨ ᠤ ᠠᠵᠤ ᠠᠬᠤᠶᠢᠯᠠᠯ ᠢ ᠬᠥᠲᠥᠯᠥᠨ ᠳᠠᠭᠠᠭᠤᠯᠵᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠤᠤᠯ ᠰᠡᠳᠦᠪᠲᠦ ᠦᠢᠯᠡᠳᠦᠯᠭᠡ ᠶᠢᠨ ᠬᠥᠮᠦᠵᠢᠯ ᠤᠨ ᠠᠵᠢᠯᠯᠠᠭ᠎ᠠ ᠳᠤ ᠥᠷᠭᠡᠨ ᠢᠶᠠᠷ ᠣᠷᠣᠯᠴᠠᠭᠤᠯᠵᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ᠂ ᠣᠯᠠᠨ ᠲᠦᠮᠡᠨ ᠤ ᠪᠠᠭ᠎ᠠ ᠶᠠᠪᠤᠳᠠᠯ ᠢ ︽ᠲᠡᠷᠢᠭᠦᠨ ᠴᠢᠬᠤᠯᠠ ᠶᠡᠭᠡ ᠶᠠᠪᠤᠳᠠᠯ︾ ᠪᠣᠯᠭᠠᠵᠤ᠂ ᠲᠡᠳᠡᠨ ᠤ ᠪᠠᠴᠢᠮ ᠬᠦᠴᠢᠷ ᠵᠣᠪᠠᠭᠤᠷᠢ ᠵᠦᠳᠡᠭᠦᠷᠢ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠤᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号