ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2023/12/7
      ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠵᠤ᠂ ᠠᠮᠤᠷ ᠲᠦᠪᠰᠢᠨ᠂ ᠡᠷᠡᠭᠦᠯ ᠰᠠᠷᠠᠭᠤᠯ ᠢᠳᠡᠭᠡᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠶᠢᠷ᠎ᠠ ᠳᠤ ᠮᠠᠨ ᠤ ᠠᠯᠪᠠᠨ ᠬᠡᠷ ᠡᠯ᠎ᠡ ᠨᠡᠶᠢᠭᠡᠮ ᠲᠣᠭᠤᠷᠢᠭ ᠤᠨ 40 ᠭᠠᠷᠤᠶ ᠳᠠᠭᠠᠳᠬᠠᠯ ᠳᠠᠭᠠᠭᠠᠴᠢᠯᠠᠭᠰᠠᠨ ᠺᠠᠳ᠋ᠷ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ 900 ᠭᠠᠷᠤᠶ ᠬᠡᠲᠦ ᠳᠡᠯᠭᠡᠭᠦᠷ᠂ ᠢᠳᠡᠭᠡᠨ ᠤᠮᠳᠠᠭᠠᠨ᠂ ᠢᠳᠡᠭᠡᠨ ᠪᠣᠷᠣᠯᠠᠭᠤᠯᠬᠤ ᠬᠤᠳᠠᠯᠳᠤᠭᠠᠨ ᠤ ᠡᠷᠦᠬᠡ ᠵᠡᠷᠭᠡ ᠡᠵᠡᠩᠨᠡᠯᠲᠡ ᠶᠢᠨ ᠭᠤᠤᠯ ᠴᠣᠭᠴᠠ ᠳᠤ ᠭᠦᠨᠵᠡᠭᠡᠶᠢᠷᠡᠨ ᠳᠠᠭᠠᠳᠬᠠᠯ ᠢ ᠳᠠᠭᠠᠭᠠᠨ ᠵᠢᠯᠣᠭᠤᠳᠬᠤ ᠠᠵᠢᠯ ᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠪᠡ᠃      ᠳᠠᠭᠠᠳᠬᠠᠯ ᠢ ᠳᠠᠭᠠᠭᠠᠴᠢᠯᠠᠭᠰᠠᠨ ᠺᠠᠳ᠋ᠷ ᠬᠠᠷᠢᠶ᠎ᠠ ᠣᠷᠣᠨ ᠤ ᠪᠠᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠳᠤ ᠭᠦᠨᠵᠡᠭᠡᠶᠢᠷᠡᠵᠦ᠂ ᠢᠳᠡᠭᠡᠨ ᠤ ᠠᠷᠢᠭᠤᠨ ᠴᠡᠪᠡᠷ᠂ ᠢᠳᠡᠭᠡᠨ ᠤ ᠴᠢᠨᠠᠷ ᠢ ᠪᠠᠲᠤᠯᠠᠬᠤ ᠬᠤᠭᠤᠴᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠯᠠᠪᠯᠠᠨ ᠠᠰᠠᠭᠤᠬᠤ ᠵᠡᠷᠭᠡ ᠠᠷᠭ᠎ᠠ ᠬᠡᠯᠪᠡᠷᠢ ᠪᠠᠷ 4 ᠶᠡᠭᠡ ᠲᠦᠷᠦᠯ ᠵᠦᠢᠯ ᠤᠨ 18 ᠪᠠᠭ᠎ᠠ ᠵᠦᠢᠯ ᠤᠨ ᠡᠭᠦᠷᠭᠡ ᠶᠢᠨ ᠨᠠᠷᠢᠨ ᠲᠠᠩᠰᠠ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠵᠦᠢᠯᠡᠰ ᠢ ᠪᠦᠬᠦ ᠲᠠᠯ᠎ᠠ ᠪᠠᠷ ᠪᠠᠶᠢᠴᠠᠭᠠᠪᠠ᠃ ᠬᠢᠨᠠᠨ ᠵᠢᠯᠣᠭᠤᠳᠬᠤ ᠠᠵᠢᠯ ᠢ ᠥᠷᠨᠢᠭᠦᠯᠬᠦ ᠶᠢᠨ ᠬᠠᠮᠲᠤ᠂ ᠦᠢᠯᠡᠳᠪᠦᠷᠢᠯᠡᠨ ᠡᠵᠡᠩᠨᠡᠭᠴᠢᠳ ᠲᠤ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠪᠠᠨ ᠴᠢᠩᠭᠠᠳᠬᠠᠨ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠠᠷᠢᠯᠭᠠᠨ᠂ ᠬᠡᠷᠡᠭᠯᠡᠭᠴᠢᠳ ᠤᠨ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠰᠠᠨᠠᠭᠤᠯᠪᠠ᠃      ᠳᠠᠷᠠᠭᠠᠴᠢ ᠶᠢᠨ ᠠᠯᠬᠤᠮ ᠳᠤ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠢᠳᠡᠭᠡᠨ ᠤ ᠠᠮᠤᠷ ᠲᠦᠪᠰᠢᠨ ᠢ ᠦᠷᠭᠦᠯᠵᠢᠯᠡᠨ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠵᠤ᠂ ᠬᠢᠨᠠᠨ ᠵᠢᠯᠣᠭᠤᠳᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠣᠷᠬᠢᠭᠳᠠᠭᠤᠯᠬᠤ ᠦᠭᠡᠢ ᠪᠠᠶᠢᠬᠤ ᠪᠠᠷ ᠴᠢᠷᠮᠠᠶᠢᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠬᠠᠷᠢᠶ᠎ᠠ ᠣᠷᠣᠨ ᠤ ᠢᠳᠡᠭᠡᠨ ᠤ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠣᠷ︾᠎ ᠢ ᠨᠢᠭᠲᠠ ᠰᠦᠯᠵᠢᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号