ᠲᠠᠩ ᠢ ᠬᠠᠶᠢᠷᠤᠪ ᠤᠨ ᠲᠣᠬᠤᠢ ᠲᠣᠭᠤᠷᠢᠭ ᠤᠨ ᠭᠤᠤᠯ ᠰᠡᠳᠦᠪᠲᠦ ᠬᠥᠮᠦᠵᠢᠯ ᠪᠣᠯᠤᠨ ᠠᠷᠠᠳ ᠤᠨ ᠲᠥᠯᠥᠭᠡ ᠪᠣᠳᠠᠲᠠᠶ ᠠᠵᠢᠯ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/12/7
      12 ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠭᠤᠤᠯ ᠰᠡᠳᠦᠪᠲᠦ ᠬᠥᠮᠦᠵᠢᠯ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ᠂ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠣᠷᠣᠯᠴᠠᠵᠠᠶ᠃
640.jpg     
      ᠥᠪᠥᠷ ᠮᠣᠩᠭᠤᠯ ᠤᠨ ᠶᠢᠨ ᠳ᠋ᠠ ᠨᠡᠭᠦᠷᠡᠰᠦ ᠬᠡᠤᠷᠡᠰᠦ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠲᠠᠩ ᠢ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠤᠣᠯ ᠰᠡᠳᠦᠪᠲᠦ ᠬᠥᠮᠦᠵᠢᠯ ᠤᠨ ᠥᠷᠨᠢᠯᠲᠡ᠂ ᠨᠠᠮ ᠤᠨ ᠭᠡᠰᠢᠭᠦᠨ ᠤ ᠬᠥᠭᠵᠢᠯᠲᠡ᠂ ᠠᠵᠤ ᠠᠬᠤᠶᠢᠯᠠᠯ ᠤᠨ ᠡᠵᠡᠩᠨᠡᠯᠲᠡ ᠵᠢᠴᠢ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠯᠴᠠᠵᠤ ᠵᠢᠭᠠᠨ ᠵᠢᠯᠣᠭᠤᠳᠬᠤ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠳᠡᠭᠡᠨ ᠠᠵᠤ ᠠᠬᠤᠶᠢᠯᠠᠯ ᠤᠨ ᠲᠣᠰ ᠪᠡᠶ᠎ᠡ ᠶᠢᠨ ᠪᠣᠳᠠᠲᠤ ᠪᠠᠶᠢᠳᠠᠯ ᠪᠣᠯᠤᠨ ᠣᠨᠴᠠᠯᠢᠭ ᠲᠠᠢ ᠪᠠᠨ ᠤᠶᠠᠯᠳᠤᠭᠤᠯᠵᠤ᠂ ᠪᠣᠳᠠᠲᠤ ᠦᠷ᠎ᠡ ᠪᠦᠲᠦᠮᠵᠢ ᠶᠢ ᠲᠣᠪᠤᠶᠢᠯᠭᠠᠨ᠂ ᠠᠮᠢᠳᠤᠯᠢᠭ ᠪᠥᠭᠡᠳ ᠣᠯᠠᠨ ᠶᠠᠩᠵᠤ ᠶᠢᠨ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠣᠨᠣᠯ ᠤᠨ ᠰᠤᠷᠤᠯᠴᠠᠯᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠲᠣᠰ ᠪᠡᠶ᠎ᠡ ᠶᠢᠨ ᠬᠥᠭᠵᠢᠯᠲᠡ ᠳᠤᠮᠳᠠᠬᠢ ᠠᠰᠠᠭᠤᠳᠠᠯ ᠢ ᠨᠠᠷᠢᠨ ᠬᠢᠨᠠᠮᠠᠭᠠᠶ ᠰᠤᠳᠤᠯᠵᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ ᠪᠣᠯᠤᠨ ᠳᠠᠶᠢᠴᠢᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠬᠡᠯᠡᠪᠡ᠃ ᠲᠠᠩ ᠢ ᠬᠠᠶᠢᠷᠤᠪ ᠤᠨ ᠲᠣᠬᠤᠢ ᠲᠣᠭᠤᠷᠢᠭ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠭᠤᠤᠯ ᠰᠡᠳᠦᠪᠲᠦ ᠬᠥᠮᠦᠵᠢᠯ ᠤᠨ ᠬᠠᠷᠢᠯᠴᠠᠬᠤ ᠴᠡᠭ ᠤᠨ ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ᠂ ᠬᠠᠷᠢᠯᠴᠠᠵᠤ ᠵᠢᠯᠣᠭᠤᠳᠬᠤ ᠠᠵᠢᠯ ᠢ ᠰᠠᠶᠢᠲᠤᠷ ᠬᠢᠵᠦ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠭᠤᠤᠯ ᠰᠡᠳᠦᠪᠲᠦ ᠬᠥᠮᠦᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
640 (2).jpg
           ᠭᠤᠤᠯ ᠰᠡᠳᠦᠪᠲᠦ ᠬᠥᠮᠦᠵᠢᠯ ᠢ ᠬᠡᠷᠬᠢᠨ ᠥᠷᠨᠢᠭᠦᠯᠦᠭᠰᠡᠨ ᠪᠣᠶ︖ ︽ᠶᠠᠮᠠᠷ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠪᠠᠶᠢᠴᠠᠭᠠᠨ ᠰᠤᠳᠤᠯᠵᠤ ᠴᠤᠭᠯᠠᠭᠤᠯᠤᠭᠰᠠᠨ ᠪᠣᠶ︖ ︽ᠬᠡᠳᠦᠢ ᠰᠢᠢᠳᠪᠦᠷᠢᠯᠡᠭᠰᠡᠨ ᠪᠤᠢ︖︾ ︽ᠣᠳᠣᠬᠢ ᠤᠰᠤ ᠬᠠᠩᠭᠠᠬᠤ ᠬᠡᠮᠵᠢᠶ᠎ᠡ ᠬᠡᠳᠦᠢ ᠶᠡᠭᠡ ᠪᠠᠶᠢᠨ᠎ᠠ ᠪᠤᠢ︖︾ ᠤᠰᠤᠨ ᠤ ᠴᠢᠨᠠᠷ ᠶᠠᠮᠠᠷ ᠪᠤᠢ︖ ᠲᠠᠩ ᠢ ᠦᠬᠠᠶ ᠬᠤᠲᠠ ᠶᠢᠨ ᠬᠠᠶᠢᠷᠤᠪ ᠤᠨ ᠲᠣᠬᠤᠢ ᠶᠢᠨ ᠬᠤᠲᠠ ᠶᠢᠨ ᠤᠰᠤ ᠬᠠᠩᠭᠠᠬᠤ ᠬᠢᠵᠠᠭᠠᠷᠲᠤ ᠺᠣᠮᠫᠠᠨᠢ ᠶᠢᠨ ᠬᠤᠶᠢᠲᠤ ᠬᠡᠰᠡᠭ ᠤᠨ ᠴᠡᠪᠡᠷ ᠤᠰᠤᠨ ᠤ ᠦᠢᠯᠡᠳᠪᠦᠷᠢ ᠳᠤ ᠶᠠᠪᠤᠬᠤ ᠶᠢᠨ ᠳᠠᠭᠠᠤ ᠦᠵᠡᠬᠦ ᠶᠢᠨ ᠳᠠᠭᠠᠤ ᠠᠰᠠᠭᠤᠪᠠ᠃ ᠲᠡᠷᠡ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠪᠦᠬᠦ ᠠᠵᠢᠯᠲᠠᠨ ᠠᠵᠢᠯᠴᠢᠨ ᠤ ᠰᠤᠷᠤᠯᠴᠠᠯᠭ᠎ᠠ ᠪᠠᠷ ᠰᠦᠭ ᠰᠦᠨᠡᠰᠦ ᠪᠠᠨ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ ᠶᠢ ᠭᠦᠢᠴᠡᠳ ᠳᠠᠶᠢᠴᠢᠯᠠᠵᠤ᠂ ᠣᠯᠠᠨ ᠲᠦᠮᠡᠨ ᠤ ᠲᠤᠰᠬᠠᠭᠰᠠᠨ ᠡᠯ᠎ᠡ ᠲᠥᠷᠥᠯ ᠤᠨ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠬᠦ ᠲᠣᠬᠢᠷᠠᠭᠤᠯᠵᠤ᠂ ᠪᠣᠳᠠᠲᠠᠶ ᠪᠠᠶᠢᠴᠠᠭᠠᠵᠤ᠂ ᠨᠠᠷᠢᠨ ᠰᠤᠳᠤᠯᠵᠤ᠂ ᠭᠦᠨᠵᠡᠭᠡᠶ ᠰᠤᠳᠤᠯᠵᠤ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠡᠵᠡᠩᠨᠡᠯᠲᠡ ᠶᠢ ᠰᠢᠯᠢᠳᠡᠭᠵᠢᠭᠦᠯᠬᠦ᠂ ᠦᠢᠯᠡᠴᠢᠯᠡᠭᠡ ᠶᠢ ᠳᠡᠭᠡᠭᠰᠢᠯᠡᠭᠦᠯᠬᠦ ᠳᠡᠭᠡᠷ᠎ᠡ ᠦᠨᠡᠨ ᠬᠦ ᠬᠦᠴᠦ ᠣᠷᠣᠭᠤᠯᠵᠤ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠪᠠᠴᠢᠮ ᠰᠢᠢᠳᠪᠦᠷᠢᠯᠡᠬᠦ ᠴᠢᠬᠤᠯᠠᠲᠠᠶ ᠤᠴᠢᠷ ᠶᠠᠪᠤᠳᠠᠯ ᠢ ᠪᠣᠳᠠᠲᠠᠶ ᠰᠠᠶᠢᠲᠤᠷ ᠬᠢᠵᠦ᠂ ᠠᠰᠠᠭᠤᠳᠠᠯ ᠢ ᠪᠣᠳᠠᠲᠠᠶ ᠰᠢᠢᠳᠪᠦᠷᠢᠯᠡᠵᠦ᠂ ᠣᠯᠠᠨ ᠲᠦᠮᠡᠨ ᠳᠤ ᠦᠨᠡᠨ ᠪᠣᠳᠠᠲᠠᠶ ᠬᠤᠪᠢᠷᠠᠯᠲᠠ ᠶᠢ ᠮᠡᠳᠡᠷᠡᠭᠦᠯᠬᠦ ᠬᠡᠷᠡᠭᠲᠡᠶ ᠭᠡᠵᠦ ᠬᠡᠯᠡᠪᠡ᠃
640 (1).jpg     
      ᠲᠠᠩ ᠢ ᠪᠠᠰᠠ ᠮᠤᠵᠢ ᠶᠢᠨ ᠵᠠᠮ ᠤᠨ 217 ᠱᠤᠭᠤᠮ ᠤᠨ ᠬᠠᠶᠢᠷᠤᠪ ᠤᠨ ᠲᠤᠬᠤᠢ ᠶᠢᠨ ᠬᠤᠳᠠ ᠶᠢ ᠲᠣᠭᠤᠷᠢᠭᠰᠠᠨ ᠬᠡᠰᠡᠭ ᠤᠨ ᠲᠤᠰᠠᠯᠠᠬᠤ ᠵᠠᠮ ︵ᠬᠠᠯᠠᠭᠤᠨ ᠳᠤᠯᠠᠭᠠᠨ ᠨᠡᠪᠲᠡᠷᠡᠯᠴᠡᠭᠡ︶᠂ ᠭᠤᠷᠪᠠᠳᠤᠭᠠᠷ ᠦᠢᠯᠡᠳᠪᠦᠷᠢ ᠶᠢᠨ ᠬᠠᠷᠢᠯᠴᠠᠨ ᠨᠡᠪᠲᠡᠷᠡᠯᠴᠡᠬᠦ ᠵᠦᠷᠢᠯᠢᠭ ᠬᠥᠭᠦᠷᠭᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠮᠤᠬᠤᠷ ᠵᠠᠮ ᠨᠡᠪᠲᠡᠷᠡᠭᠰᠡᠨ᠂ ᠵᠦᠷᠢᠯᠢᠭ ᠬᠥᠭᠦᠷᠭᠡ ᠶᠢᠨ ᠨᠡᠪᠲᠡᠷᠡᠬᠦ ᠵᠡᠷᠭᠡ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠮᠤᠬᠤᠷ ᠵᠠᠮ ᠢ ᠨᠡᠪᠲᠡᠷᠡᠭᠦᠯᠵᠦ᠂ ᠪᠢᠴᠢᠯ ᠣᠷᠴᠢᠯ ᠢ ᠰᠠᠭᠠᠳ ᠦᠭᠡᠢ ᠨᠡᠪᠲᠡᠷᠡᠭᠦᠯᠬᠦ ᠪᠣᠯ ᠬᠤᠳᠠ ᠶᠢᠨ ᠵᠠᠮ ᠬᠠᠷᠢᠯᠴᠠᠭᠠᠨ ᠤ ᠴᠢᠳᠠᠪᠬᠢ ᠶᠢ ᠰᠠᠶᠢᠵᠢᠷᠠᠭᠤᠯᠬᠤ᠂ ᠤᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠮᠥᠨᠴᠦ ᠬᠤᠳᠠ ᠶᠢᠨ ᠲᠦᠭᠵᠢᠷᠡᠯ ᠢ ᠰᠢᠢᠳᠪᠦᠷᠢᠯᠡᠬᠦ᠂ ᠬᠤᠳᠠ ᠶᠢᠨ ᠴᠢᠳᠠᠪᠬᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠤᠨ᠎ᠠ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠶᠢᠯᠡᠳᠤᠯᠭᠡᠵᠢᠭᠦᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠤ ᠶᠠᠪᠤᠳᠠᠯ ᠬᠢᠬᠦ᠂ ᠠᠷᠠᠳ ᠤᠨ ᠵᠣᠪᠠᠨᠢᠯ ᠢ  ᠰᠢᠢᠤᠡᠪᠤᠷᠢᠯᠡᠬᠦ ᠶᠢ ᠭᠤᠤᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠬᠦ᠂ ᠪᠣᠳᠠᠲᠠᠶᠢᠵᠢᠭᠤᠯᠬᠤ᠂ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠶ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号