︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢᠨ ᠲᠥᠯᠥᠭᠡ᠂ ᠵᠣᠯ ᠵᠢᠷᠭᠠᠯᠲᠤ | ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠰᠠᠭᠤᠭᠠᠯᠢ ᠠᠷᠠᠳ ᠲᠤ ᠦᠢᠯᠡᠴᠢᠯᠡᠬᠦ᠂ ᠰᠠᠭᠤᠭᠠᠯᠢ ᠠᠷᠠᠳ ᠲᠤ | ᠠᠰᠢᠭ ᠬᠦᠷᠲᠡᠭᠡᠬᠦ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠠᠷ ᠲᠦᠰᠢᠭ ᠪᠣᠯᠭᠠᠵᠤ᠂ ᠨᠠᠮ ᠤᠨ ᠭᠡᠰᠢᠭᠦᠨ᠂ ᠤᠯᠠᠨ ᠲᠦᠮᠡᠨ᠂ ᠬᠠᠷᠢᠶ᠎ᠠ | ᠣᠷᠣᠨ ᠤ ᠰᠠᠭᠤᠭᠠᠯᠢ ᠠᠷᠠᠳ ᠢᠶᠠᠷ ᠡᠲᠡᠭᠡᠳ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠵᠢᠭᠦᠯᠵᠦ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ | | ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠤᠷᠤᠯᠴᠠᠯᠭ᠎ᠠ ᠪᠠᠷ ᠠᠵᠢᠯᠯᠠᠬᠤ ᠶᠢ | ᠭᠦᠨᠵᠡᠭᠡᠶᠢᠷᠡᠭᠦᠯᠦᠨ᠎ᠡ | ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠶᠢ ᠨᠡᠶᠢᠭᠡᠮ | ᠲᠣᠭᠤᠷᠢᠭ ᠲᠤ ᠯᠠᠪᠳᠠᠭᠤᠨ ᠪᠠᠲᠤᠲᠠᠶ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ᠵᠣᠯ ᠵᠢᠷᠭᠠᠯᠲᠤ ᠨᠡᠶᠢᠭᠡᠮ | ᠲᠣᠭᠤᠷᠢᠭ ᠤᠨ ᠨᠠᠮ ᠤᠨ ᠬᠤᠷᠢᠶ᠎ᠠ ︽ᠳᠡᠭᠡᠳᠦ ᠱᠠᠲᠤ ᠨᠢ ᠳᠣᠤᠷᠠᠳᠤ ᠱᠠᠲᠤ ᠪᠠᠨ ᠲᠠᠭᠠᠭᠤᠯᠬᠤ ᠲᠤᠮᠳᠠ | ᠰᠤᠷᠤᠯᠴᠠᠬᠤ︾ ︽ᠬᠡᠷ ᠳᠡᠭᠡᠨ ᠰᠠᠭᠤᠵᠤ ᠰᠤᠷᠤᠯᠴᠠᠬᠤ︾ ︽ᠠᠵᠢᠯᠯᠠᠭ᠎ᠠ ᠶᠢᠨ ᠲᠤᠮᠳᠠ ᠰᠤᠷᠤᠯᠴᠠᠬᠤ︾ ᠶᠢᠨ ︽ | ᠭᠤᠷᠪᠠ ᠶᠢ ᠰᠤᠷᠤᠯᠴᠠᠬᠤ︾ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠠᠮ ᠤᠨ | ᠭᠡᠰᠢᠭᠦᠨ ᠺᠠᠳ᠋ᠷᠴᠤᠳ ᠤᠨ ᠣᠨᠣᠯ ᠤᠨ ᠮᠡᠳᠡᠯᠭᠡ ᠶᠢ ᠲᠠᠰᠤᠷᠠᠯᠲᠠ ᠥᠬᠡᠶ ᠪᠠᠬᠢᠵᠢᠭᠦᠯᠵᠦ᠂ ᠨᠠᠮ ᠤᠨ ᠭᠡᠰᠢᠭᠦᠨ | ᠺᠠᠳ᠋ᠷᠴᠤᠳ ᠤᠨ ᠠᠵᠢᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠪᠡ᠃ ᠰᠠᠷ᠎ᠠ ᠪᠦᠷᠢ ᠬᠤᠯᠪᠣᠭᠳᠠᠯ | ᠪᠥᠬᠦᠶ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ᠭᠠᠷᠠᠭ ᠪᠦᠷᠢ ᠶᠢᠨ ᠳᠥᠷᠪᠡᠨ ︽ᠬᠤᠨ | ᠭᠠᠯᠠᠭᠤ ᠶᠢᠨ ᠡᠭᠦᠯᠡᠨ ᠬᠢᠴᠢᠶᠡᠯ ᠤᠨ ᠲᠠᠩᠬᠢᠮ︾ ᠢ ᠠᠰᠢᠭᠯᠠᠨ ᠰᠦᠯᠵᠢᠶᠡᠨ ᠳᠡᠭᠡᠷᠡᠬᠢ ᠰᠤᠷᠤᠯᠴᠠᠯᠭ᠎ᠠ ᠬᠢᠵᠦ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭᠠᠨ ᠤ | ᠭᠤᠤᠯ ᠰᠡᠳᠦᠪᠲᠦ ᠬᠥᠮᠦᠵᠢᠯ ᠤᠨ ᠬᠠᠮᠢᠶ᠎ᠠ ᠪᠥᠬᠦᠶ ᠰᠤᠷᠤᠯᠴᠠᠯᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠤ | ᠬᠦᠰᠡᠯᠡᠩ ᠢᠲᠡᠭᠡᠯ ᠪᠢᠰᠢᠷᠡᠯ ᠢ ᠪᠠᠲᠤᠳᠬᠠᠪᠠ︔ ᠬᠠᠷᠢᠶ᠎ᠠ ᠣᠷᠣᠨ ᠤ ᠪᠠᠨ ᠬᠥᠳᠡᠯᠵᠦ ᠪᠠᠷᠢᠬᠤ ᠳᠤ ᠳᠥᠭᠦᠮ ᠦᠭᠡᠢ | ᠠᠬᠠᠮᠠᠳ ᠨᠠᠮ ᠤᠨ ᠭᠡᠰᠢᠭᠦᠳ ᠲᠤ ᠰᠤᠷᠤᠯᠴᠠᠯᠭ᠎ᠠ ᠶᠢ ᠬᠡᠷ ᠲᠤᠨᠢ ᠬᠦᠷᠭᠡᠬᠦ ᠠᠵᠢᠯᠯᠠᠭ᠎ᠠ ᠥᠷᠨᠢᠭᠦᠯᠵᠦ᠂ ᠨᠠᠮ ᠤᠨ | ᠬᠤᠷᠢᠶ᠎ᠠ ᠳᠤ ᠤᠩᠰᠢᠯᠭ᠎ᠠ ᠶᠢᠨ ᠴᠢᠳᠠᠪᠤᠷᠢ ᠥᠬᠡᠶ ᠠᠬᠠᠮᠠᠳ ᠨᠠᠮ ᠤᠨ ᠭᠡᠰᠢᠭᠦᠨ ᠢ ᠰᠤᠷᠤᠯᠴᠠᠯᠭ᠎ᠠ ᠳᠤ | ᠣᠷᠣᠯᠴᠠᠭᠤᠯᠬᠤ ᠪᠠᠷ ᠪᠠᠷᠠᠬᠤ ᠥᠬᠡᠶ᠂ ᠨᠠᠩ ᠴᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ | ᠬᠦᠷᠭᠡᠵᠦ ᠪᠠᠶᠢᠨ᠎ᠠ︔ ᠠᠵᠢᠯᠯᠠᠭ᠎ᠠ ᠶᠢᠨ ᠳᠤᠮᠳᠠ ᠰᠤᠷᠤᠯᠴᠠᠭᠤᠯᠬᠤ ᠪᠠᠷ ᠳᠠᠮᠵᠢᠭᠤᠯᠤᠨ᠂ ᠬᠤᠪᠢᠰᠬᠠᠯ ᠤᠨ | ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ᠂ ᠬᠤᠪᠢᠰᠬᠠᠯ ᠤᠨ ᠺᠢᠨᠣ᠋ ᠦᠵᠡᠵᠦ᠂ ᠬᠤᠪᠢᠰᠬᠠᠯ ᠤᠨ | ᠳᠤᠷᠠᠰᠤᠮᠵᠢ ᠶᠢ ᠳᠠᠬᠢᠨ ᠡᠷᠭᠢᠴᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠵᠣᠪᠠᠭᠤᠷᠢ ᠵᠦᠳᠡᠭᠦᠷᠢ ᠪᠠᠨ | ᠡᠷᠭᠢᠴᠡᠭᠦᠯᠵᠦ ᠪᠠᠶᠢᠭᠠᠳ ᠥᠨᠥᠳᠦᠷ ᠤᠨ ᠵᠣᠯ ᠵᠢᠷᠭᠠᠯᠲᠤ ᠠᠮᠢᠳᠤᠷᠠᠯ ᠢᠶᠠᠨ ᠨᠠᠩ ᠢᠯᠡᠭᠦᠤ ᠨᠠᠨᠳᠢᠩᠨᠠᠵᠠᠶ᠃ ᠣᠲᠣ | ᠪᠣᠯᠲᠠᠯ᠎ᠠ᠂ ᠵᠣᠯ ᠵᠢᠷᠭᠠᠯᠲᠤ ᠨᠡᠶᠢᠭᠡᠮ ᠲᠣᠭᠤᠷᠢᠭ ᠪᠥᠬᠦ ᠲᠠᠯ᠎ᠠ ᠪᠠᠷ ᠰᠤᠷᠤᠯᠴᠠᠬᠤ᠂ ᠲᠤᠰᠬᠠᠶ ᠰᠡᠳᠦᠪ ᠢᠶᠠᠷ | ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠤᠰᠬᠠᠶ ᠰᠡᠳᠦᠪᠲᠦ ᠨᠠᠮ ᠤᠨ ᠬᠢᠴᠢᠶᠡᠯ᠂ ᠭᠤᠤᠯ ᠰᠡᠳᠦᠪᠲᠦ | ᠨᠠᠮ ᠤᠨ ᠡᠳᠦᠷ᠂ ᠭᠤᠷᠪᠠᠨ ᠬᠤᠷᠠᠯ ᠨᠢᠭᠡ ᠬᠢᠴᠢᠶᠡᠯ᠂ ᠲᠥᠪᠯᠡᠷᠡᠭᠦᠯᠦᠨ ᠰᠤᠷᠤᠯᠴᠠᠬᠤ᠂ ᠪᠡᠶ᠎ᠡ ᠪᠠᠨ ᠳᠠᠭᠠᠭᠠᠵᠤ | ᠰᠤᠷᠤᠯᠴᠠᠬᠤ ᠵᠡᠷᠭᠡ ᠬᠡᠯᠪᠡᠷᠢ ᠶᠢ ᠬᠡᠷᠡᠭᠯᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠠᠮᠢᠶ᠎ᠠ ᠪᠥᠬᠦᠶ ᠰᠤᠷᠤᠯᠴᠠᠯᠭ᠎ᠠ ᠶᠢ 36 ᠤᠳᠠᠭ᠎ᠠ | ᠥᠷᠨᠢᠭᠦᠯᠵᠦ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠭᠤᠤᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ 2 ᠤᠳᠠᠭ᠎ᠠ ᠥᠷᠨᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ | ᠨᠠᠮ ᠤᠨ ᠵᠣᠬᠢᠶᠠᠨ ᠪᠠᠶᠢᠭᠤᠯᠤᠯᠲᠠ ᠳᠤ 6 ᠤᠳᠠᠭ᠎ᠠ ᠰᠤᠷᠤᠯᠴᠠᠵᠤ᠂ ᠬᠠᠷᠢᠶ᠎ᠠ ᠣᠷᠣᠨ ᠤ ᠨᠠᠮ ᠤᠨ ᠭᠡᠰᠢᠭᠦᠨ ᠣᠯᠠᠨ | ᠲᠦᠮᠡᠨ ᠳᠤ 120 ᠭᠠᠷᠤᠶ ᠠᠰᠢᠭ ᠬᠦᠷᠲᠡᠭᠡᠪᠡ᠃ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠠᠭᠤᠭᠠᠯᠢ ᠠᠷᠠᠳ ᠲᠤ ᠪᠣᠳᠠᠲᠤ ᠶᠠᠪᠤᠳᠠᠯ ᠬᠢᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠨ᠎ᠠ | ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠰᠢᠷᠢᠰ | ᠠᠵᠢᠯᠯᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ | ᠵᠣᠯ ᠵᠢᠷᠭᠠᠯᠲᠤ ᠨᠡᠶᠢᠭᠡᠮ ᠲᠣᠭᠤᠷᠢᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ | ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ᠵᠡᠷᠭᠡ ᠵᠢᠭᠰᠠᠭᠠᠯ ᠤᠨ | ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠲᠤᠷᠰᠢᠯᠭ᠎ᠠ ᠠᠷᠭ᠎ᠠ ᠬᠢᠳᠡᠯ ᠢ ᠲᠠᠰᠤᠷᠠᠯᠲᠠ ᠦᠭᠡᠢ | ᠳ᠋ᠦᠩᠨᠡᠨ ᠪᠣᠯᠪᠠᠰᠤᠷᠠᠭᠤᠯᠵᠤ᠂ ᠰᠣᠶᠣᠯ ᠤᠨ ᠡᠬᠢ ᠪᠠᠶᠠᠯᠢᠭ ᠢ ᠦᠢᠯᠡᠳᠦᠯᠭᠡ ᠶᠢᠨ ᠠᠵᠢᠯᠯᠠᠭ᠎ᠠ ᠶᠢᠨ ᠪᠦᠬᠦ | ᠶᠠᠪᠤᠴᠠ ᠳᠤ ᠲᠤᠤᠱᠯᠠᠭᠤᠯᠪᠠ᠃ ︽ᠵᠣᠯ ᠵᠢᠷᠭᠠᠯ ᠢ ᠢᠷᠡᠭᠦᠯᠵᠦ ᠡᠭᠦᠳᠡ ᠲᠣᠭᠰᠢᠬᠤ︾ ᠨᠠᠮ ᠤᠨ | ᠪᠠᠶᠢᠭᠤᠯᠤᠯᠲᠠ ᠶᠢᠨ ᠲᠦᠷᠦᠯ ᠲᠡᠮᠳᠡᠭ ᠤᠨ ᠦᠢᠯᠡᠳᠦᠯ ᠢ ᠤᠷᠲᠤᠳᠬᠠᠵᠤ᠂ ᠰᠠᠨᠠᠭᠠᠴᠢᠯᠠᠭ᠎ᠠ ᠠᠴᠠ ᠪᠠᠨ ᠤᠯᠠᠨ | ᠲᠦᠮᠡᠨ ᠤ ᠳᠤᠮᠳᠠ ᠬᠦᠷᠴᠦ᠂ ︽ᠭᠤᠷᠪᠠ ᠶᠢ ᠶᠠᠷᠢᠵᠤ ᠭᠤᠷᠪᠠ ᠶᠢ ᠬᠦᠷᠭᠡᠬᠦ︾ ᠠᠵᠢᠯᠯᠠᠭ᠎ᠠ ᠶᠢ ᠥᠷᠨᠢᠭᠦᠯᠵᠦ᠂ | ᠰᠠᠭᠤᠭᠠᠯᠢ ᠠᠷᠠᠳ ᠲᠤ ᠪᠣᠳᠠᠲᠠᠢ ᠠᠰᠢᠭ ᠬᠦᠷᠲᠡᠭᠡᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ | ᠵᠡᠷᠭᠡ ᠬᠦᠷᠢᠶᠡᠨ ᠳᠠᠬᠢ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠲᠠᠶᠢᠯᠪᠤᠷᠢᠯᠠᠵᠤ᠂ ᠭᠠᠳᠠᠨ᠎ᠠ ᠠᠴᠠ | ᠢᠷᠡᠭᠰᠡᠨ ᠬᠥᠯᠥᠰᠥᠨ ᠠᠵᠢᠯᠴᠢᠨ ᠳᠤ ᠲᠦᠷ ᠴᠠᠭ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠤᠬᠠᠭᠤᠯᠵᠤ᠂ | ᠠᠵᠢᠯ ᠣᠯᠭᠤᠬᠤ ᠠᠵᠠ ᠲᠣᠬᠢᠶᠠᠯ ᠢ ᠬᠤᠯᠪᠣᠪᠠ᠃ ᠪᠣᠳᠠᠲᠤ ᠵᠢᠱᠢᠶ᠎ᠡ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠰᠠᠭᠤᠭᠠᠯᠢ ᠠᠷᠠᠳ ᠲᠤ 10 ᠤᠳᠠᠭ᠎ᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ | ᠠᠯᠪᠠᠨ ᠵᠢᠷᠤᠮ ᠤᠨ ᠡᠮᠴᠢᠯᠡᠭᠡ᠂ ᠤᠷᠠᠨ ᠪᠢᠴᠢᠯᠭᠡ᠂ ᠵᠢᠷᠤᠭ ᠵᠢᠷᠤᠬᠤ ᠵᠡᠷᠭᠡ ᠠᠵᠢᠯᠯᠠᠭ᠎ᠠ ᠶᠢ 20 ᠭᠠᠷᠤᠶ | ᠲᠠᠯᠠᠪᠤᠷ ᠤᠳᠠᠭ᠎ᠠ ᠥᠷᠨᠢᠭᠦᠯᠵᠦ᠂ ︽ᠪᠢᠳᠡᠨ ᠤ ᠪᠠᠶᠠᠷ ᠤᠨ ᠡᠳᠦᠷ︾ ᠲᠠᠢ ᠤᠶᠠᠯᠳᠤᠭᠤᠯᠤᠨ ᠬᠥᠷᠰᠢ | ᠵᠡᠷᠭᠡᠯᠡᠳᠡᠭᠡ ᠶᠢᠨ ᠠᠵᠢᠯᠯᠠᠭ᠎ᠠ ᠶᠢ 3 ᠲᠠᠯᠠᠪᠤᠷ ᠥᠷᠨᠢᠭᠦᠯᠵᠦ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ | ᠬᠡᠷ ᠤᠨ ᠬᠥᠮᠦᠨ ᠮᠡᠲᠦ ᠳᠣᠲᠣᠨᠣ︾ ᠪᠠᠶᠢᠬᠤ ᠠᠵᠢᠯᠯᠠᠭ᠎ᠠ ᠲᠠᠢ ᠤᠶᠠᠯᠳᠤᠭᠤᠯᠤᠨ 12 ᠡᠷᠦᠬᠡ ᠬᠠᠪᠰᠤᠷᠤᠨ | ᠲᠡᠳᠬᠦᠵᠦ᠂ ᠬᠦᠴᠢᠷᠳᠡᠯᠲᠡᠶ ᠣᠯᠠᠨ ᠲᠦᠮᠡᠨ ᠢ 10 ᠡᠷᠦᠬᠡ ᠶᠢ ᠡᠷᠬᠢᠨ ᠦᠵᠡᠵᠦ ᠲᠣᠬᠤᠨᠢᠭᠤᠯᠵᠤ᠂ ᠦᠬᠠᠶ | ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠲᠠᠢ ᠬᠠᠮᠲᠤᠷᠠᠨ ᠪᠠᠶᠢᠰᠢᠩ ᠬᠡᠷ ᠤᠨ ᠲᠣᠭᠤᠷᠢᠭ ᠤᠨ | ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠥᠬᠡᠶ ᠪᠠᠷ ᠬᠤᠶᠠᠷ ᠥᠮᠡᠨ ᠢ ᠰᠢᠭᠰᠢᠨ ᠪᠠᠶᠢᠴᠠᠭᠠᠬᠤ ᠠᠵᠢᠯ ᠢ | ᠥᠷᠨᠢᠭᠦᠯᠵᠦ᠂ 300 ᠭᠠᠷᠤᠶ ᠨᠠᠮ ᠤᠨ ᠭᠡᠰᠢᠭᠦᠨ ᠣᠯᠠᠨ ᠲᠦᠮᠡᠨ ᠳᠤ ᠠᠰᠢᠭ ᠬᠦᠷᠲᠡᠭᠡᠵᠦ᠂ ᠨᠠᠮ ᠤᠨ ᠭᠡᠰᠢᠭᠦᠨ | ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ | ᠰᠣᠨᠣᠰᠴᠤ ᠨᠠᠮ ᠢᠶᠠᠨ ᠳᠠᠭᠠᠬᠤ︾ ᠶᠢ ᠪᠡᠶᠡᠯᠡᠭᠦᠯᠪᠡ᠃ | ᠠᠷᠠᠳ ᠤᠨ ᠵᠣᠪᠠᠨᠢᠯ ᠢ ᠠᠷᠢᠯᠭᠠᠵᠤ᠂ ᠪᠣᠳᠠᠲᠤ ᠶᠠᠪᠤᠳᠠᠯ ᠬᠢᠵᠦ᠂ ᠪᠣᠳᠠᠲᠠᠢ ᠠᠷᠭ᠎ᠠ ᠭᠠᠷᠭᠠᠬᠤ ᠬᠡᠷᠡᠭᠲᠡᠢ | ᠵᠣᠯ ᠵᠢᠷᠭᠠᠯᠲᠤ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠨᠠᠮ ᠤᠨ ᠠᠴᠢ ᠶᠢ ᠮᠡᠳᠡᠷᠡᠵᠦ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠠᠵᠢᠯ ᠪᠣᠯᠤᠨ ᠭᠤᠣᠯᠳᠠᠯᠭ᠎ᠠ ᠲᠠᠢ ᠡᠭᠦᠷᠭᠡ ᠲᠠᠢ ᠨᠢᠭᠲᠠ | ᠤᠶᠠᠯᠳᠤᠭᠤᠯᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ | ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠦᠢᠯᠡᠴᠢᠯᠡᠭᠡᠨ ᠤ ᠠᠭᠤᠯᠭ᠎ᠠ ᠪᠠᠨ ᠲᠠᠰᠤᠷᠠᠯᠲᠠ ᠦᠭᠡᠢ | ᠥᠷᠭᠡᠳᠬᠡᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠵᠢᠷᠤᠮᠵᠢᠭᠤᠯᠬᠤ ᠬᠡᠷᠡᠭᠲᠡᠢ᠃ ︽ᠵᠣᠯ ᠵᠢᠷᠭᠠᠯ ᠢᠷᠡᠵᠦ | ᠡᠭᠦᠳᠡ ᠲᠣᠭᠰᠢᠬᠤ ᠳᠤ᠂ ᠪᠢᠳᠡ ᠮᠡᠳᠡᠭᠡᠯᠡᠬᠦ︾ ᠦᠢᠯᠡᠴᠢᠯᠡᠭᠡᠨ ᠤ ᠣᠶᠢᠯᠠᠭᠠᠭᠳᠠᠬᠤᠨ ᠢᠶᠠᠷ ᠦᠢᠯᠡᠴᠢᠯᠡᠭᠡᠨ ᠤ | ᠬᠦᠷᠢᠶ᠎ᠡ ᠬᠡᠪᠴᠢᠶ᠎ᠡ ᠶᠢ ᠥᠷᠭᠡᠨ ᠢᠶᠠᠷ ᠤᠷᠲᠤᠳᠬᠠᠵᠤ᠂ ᠦᠢᠯᠡᠴᠢᠯᠡᠭᠡᠨ ᠤ ᠠᠭᠤᠯᠭ᠎ᠠ ᠶᠢ ᠨᠡᠶᠢᠳᠡᠮ ᠪᠦᠷᠬᠦᠭᠦᠯᠬᠦ | ᠦᠢᠯᠡᠴᠢᠯᠡᠭᠡᠨ ᠤ ᠰᠢᠰᠲ᠋ᠧᠮ ᠢ ᠪᠡᠶᠡᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠨᠡᠶᠢᠴᠡᠵᠦ᠂ ᠬᠠᠷᠢᠶ᠎ᠠ | ᠣᠷᠣᠨ ᠤ ᠳᠤᠯᠠᠭᠠᠯᠠᠭ᠎ᠠ ᠬᠠᠩᠭᠠᠬᠤ᠂ ᠤᠰᠤ ᠲᠠᠲᠠᠷᠠᠭᠤᠯᠬᠤ ᠥᠭᠡᠷᠡᠴᠢᠯᠡᠯᠲᠡ᠂ ᠴᠠᠪᠴᠢ ᠶᠢᠨ ᠬᠦᠴᠢᠷᠳᠡᠯ ᠢ ᠨᠢ | ᠰᠢᠢᠳᠪᠦᠷᠢᠯᠡᠬᠦ᠂ ᠬᠥᠮᠦᠨ ᠠᠮᠠ ᠶᠢ ᠨᠠᠷᠢᠯᠢᠭᠵᠢᠭᠤᠯᠤᠨ ᠬᠠᠮᠢᠶᠠᠷᠬᠤ ᠵᠡᠷᠭᠡ ᠲᠠᠯ᠎ᠠ ᠪᠠᠷ ᠭᠤᠣᠯᠳᠠᠭᠤᠯᠵᠤ᠂ ᠤᠯᠠᠨ | ᠲᠦᠮᠡᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠤ ᠳᠠᠭᠤᠨ ᠢ ᠰᠣᠨᠣᠰᠪᠠ᠃ ᠣᠯᠠᠨ ᠲᠦᠮᠡᠨ ᠤ ᠪᠠᠴᠢᠮᠳᠠᠵᠤ | ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠤᠭᠯᠠᠭᠤᠯᠵᠤ᠂ ᠠᠰᠠᠭᠤᠳᠠᠯ ᠤᠨ ᠨᠠᠷᠢᠨ ᠲᠠᠩᠰᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠠᠭ ᠤᠨ ᠬᠢᠵᠠᠭᠠᠷ᠂ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠵᠡᠷᠭᠡ ᠶᠢ ᠲᠣᠳᠣᠷᠬᠠᠶᠢᠯᠠᠵᠤ᠂ ᠭᠠᠷᠳᠠᠬᠤ ᠴᠡᠭ᠂ ᠬᠦᠴᠦᠯᠡᠬᠦ ᠴᠡᠭ ᠢ | ᠣᠨᠣᠪᠴᠢᠲᠠᠶ ᠡᠷᠢᠨ ᠣᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠨ᠂ | ᠴᠠᠪᠴᠢ ᠶᠢᠨ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ | ᠵᠦᠢᠯ ᠤᠨ ᠲᠤᠰᠬᠠᠶ ᠠᠩᠭᠢ ᠶᠢ ᠬᠠᠪᠰᠤᠷᠤᠨ ᠰᠠᠭᠤᠭᠠᠯᠢ ᠠᠷᠠᠳ ᠲᠤ ᠨᠡᠭᠦᠯᠭᠡᠬᠦ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠨ ᠥᠭᠴᠦ᠂ 52 ᠡᠷᠦᠬᠡ ᠶᠢ ᠳᠠᠶᠢᠴᠢᠯᠠᠨ ᠠᠮᠵᠢᠯᠲᠠ ᠲᠠᠢ ᠨᠡᠭᠦᠯᠭᠡᠨ᠂ ᠡᠩ ᠤᠨ ᠬᠡᠷ ᠪᠠᠶᠢᠰᠢᠩ ᠤᠨ | ᠲᠣᠭᠤᠷᠢᠭ ᠤᠨ 6 ᠳᠤᠯᠠᠭᠠᠯᠠᠭ᠎ᠠ ᠬᠠᠩᠭᠠᠬᠤ ᠥᠭᠡᠷᠡᠴᠢᠯᠡᠨ ᠪᠠᠶᠢᠭᠤᠯᠬᠤ ᠬᠦᠷᠢᠶ᠎ᠡ ᠬᠡᠪᠴᠢᠶ᠎ᠡ ᠠᠴᠠ ᠭᠠᠳᠠᠨᠠᠬᠢ | ᠰᠠᠭᠤᠭᠠᠯᠢ ᠠᠷᠠᠳ ᠲᠤ ᠳᠤᠯᠠᠭᠠᠯᠠᠭ᠎ᠠ ᠬᠠᠩᠭᠠᠵᠤ᠂ ᠣᠳᠣᠬᠠᠨ ᠳᠤ ᠨᠢᠭᠡᠨᠲᠡ 12 ᠵᠤᠷᠪᠤᠰ ᠠᠰᠠᠭᠤᠳᠠᠯ | ᠴᠤᠭᠯᠠᠭᠤᠯᠵᠤ᠂ 10 ᠵᠤᠷᠪᠤᠰ ᠢ ᠰᠢᠢᠳᠪᠦᠷᠢᠯᠡᠪᠡ᠃ | ᠳᠠᠷᠠᠭᠠᠴᠢ ᠶᠢᠨ ᠠᠯᠬᠤᠮ ᠳᠤ᠂ ᠵᠣᠯ ᠵᠢᠷᠭᠠᠯᠲᠤ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠦᠷᠭᠦᠯᠵᠢᠯᠡᠨ | ᠨᠠᠮ ᠤᠨ ᠪᠠᠶᠢᠭᠤᠯᠤᠯᠲᠠ ᠶᠢᠨ ᠠᠵᠢᠯ ᠢ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠬᠤ ᠲᠠᠢ | ᠨᠢᠭᠲᠠ ᠤᠶᠠᠯᠳᠤᠭᠤᠯᠵᠤ᠂ ︽ᠵᠣᠯ ᠵᠢᠷᠭᠠᠯ ᠢᠶᠠᠷ ᠡᠭᠦᠳᠡ ᠲᠣᠭᠰᠢᠬᠤ︾ ᠦᠢᠯᠡᠴᠢᠯᠡᠭᠡᠨ ᠤ ᠰᠢᠰᠲ᠋ᠧᠮ ᠢ | ᠦᠷᠭᠦᠯᠵᠢᠯᠡᠨ ᠤᠷᠲᠤᠳᠬᠠᠵᠤ᠂ ᠰᠠᠭᠤᠭᠠᠯᠢ ᠠᠷᠠᠳ ᠪᠣᠯᠤᠨ ᠬᠠᠷᠢᠶ᠎ᠠ ᠣᠷᠣᠨ ᠤ ᠠᠵᠤ ᠠᠬᠤᠶᠢᠯᠠᠯ ᠢ ᠬᠥᠲᠥᠯᠥᠨ | ᠳᠠᠭᠠᠭᠤᠯᠵᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠤᠤᠯ | ᠰᠡᠳᠦᠪᠲᠦ ᠦᠢᠯᠡᠳᠦᠯᠭᠡ ᠶᠢᠨ ᠬᠥᠮᠦᠵᠢᠯ ᠤᠨ ᠠᠵᠢᠯᠯᠠᠭ᠎ᠠ ᠳᠤ ᠥᠷᠭᠡᠨ ᠢᠶᠠᠷ ᠣᠷᠣᠯᠴᠠᠭᠤᠯᠵᠤ᠂ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ᠂ ᠣᠯᠠᠨ ᠲᠦᠮᠡᠨ ᠤ ᠪᠠᠭ᠎ᠠ ᠶᠠᠪᠤᠳᠠᠯ ᠢ ︽ᠲᠡᠷᠢᠭᠦᠨ ᠴᠢᠬᠤᠯᠠ | ᠶᠡᠭᠡ ᠶᠠᠪᠤᠳᠠᠯ︾ ᠪᠣᠯᠭᠠᠵᠤ᠂ ᠲᠡᠳᠡᠨ ᠤ ᠪᠠᠴᠢᠮ ᠬᠦᠴᠢᠷ ᠵᠣᠪᠠᠭᠤᠷᠢ ᠵᠦᠳᠡᠭᠦᠷᠢ ᠶᠢᠨ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠳᠡᠭᠡᠭᠰᠢᠯᠡᠭᠦᠯᠤᠨ᠎ᠡ᠃ | |