ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠯᠠᠪᠳᠠᠭᠤᠨ ᠪᠠᠲᠤᠲᠠᠶ  ᠠᠬᠢᠭᠤᠯᠪᠠ
ᠨᠡᠶᠢᠲᠡᠯᠡᠭᠰᠡᠨ ᠴᠠᠭ᠄
2023/12/8
      ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠶᠡᠷᠦᠩᠬᠡᠶ ᠱᠦᠵᠢ ᠰᠢ ᠶᠢᠨ ᠫᠢᠩ ᠤᠨ ︽ᠨᠢᠭᠡ ᠲᠠᠯ᠎ᠠ ᠪᠠᠷ ᠰᠤᠷᠤᠯᠴᠠᠬᠤ᠂ ᠨᠢᠭᠡ ᠲᠠᠯ᠎ᠠ ᠪᠠᠷ ᠬᠠᠷᠭᠤᠭᠤᠯᠬᠤ᠂ ᠪᠠᠶᠢᠴᠠᠭᠠᠨ ᠦᠵᠡᠬᠦ᠂ ᠨᠢᠭᠡ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠤᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠬᠤ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ︽ᠲᠥᠷᠥᠯ ᠬᠤᠪᠢᠶᠠᠨ ᠨᠠᠷᠢᠨ ᠳᠠᠩᠰᠠ ᠪᠠᠶᠢᠭᠤᠯᠬᠤ᠂ ᠴᠢᠩᠭ᠎ᠠ ᠬᠢᠨᠠᠨ ᠬᠠᠷᠭᠤᠭᠤᠯᠵᠤ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠬᠤ︾ ᠭᠤᠷᠪᠠᠨ ᠵᠤᠶᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠠᠳᠬᠤᠵᠤ᠂ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠶ᠃      ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠵᠥᠪ ᠤᠯᠤᠰ ᠲᠥᠷᠦ ᠶᠢᠨ ᠴᠢᠭᠯᠡᠯ ᠢ ᠡᠵᠡᠮᠳᠡᠵᠦ᠂ ︽ᠨᠢᠭᠡᠳᠦᠭᠡᠷ ᠹᠷᠣᠨᠲ ᠤᠨ ᠵᠢᠯᠣᠭᠤᠳᠬᠤ ᠭᠠᠵᠠᠷ︾᠎ ᠤᠨ ᠤᠶᠢᠯᠡᠳᠤᠯ ᠢ ᠰᠠᠶᠢᠲᠤᠷ ᠪᠠᠳᠠᠷᠠᠭᠤᠯᠵᠤ᠂ ᠲᠣᠰ ᠪᠡᠶ᠎ᠡ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠶᠢ ᠠᠳᠬᠤᠬᠤ ᠪᠠᠷ ᠪᠠᠷᠠᠬᠤ ᠦᠭᠡᠢ ᠪᠠᠰᠠ ᠦᠨᠳᠦᠰᠦᠨ ᠱᠠᠲᠤᠨ ᠤ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠠᠳᠬᠤᠵᠤ᠂ ︽ᠲᠤᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠴᠡᠭᠴᠡᠯᠡᠨ ᠰᠠᠶᠢᠵᠢᠷᠠᠭᠤᠯᠬᠤ ᠲᠤᠭᠤᠶᠢᠯᠠᠩ ᠤᠨ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠴᠡᠭᠴᠡᠯᠡᠨ ᠰᠠᠶᠢᠵᠢᠷᠠᠭᠤᠯᠬᠤ ᠬᠤᠯᠪᠣᠭ᠎ᠠ ᠠᠪᠬᠤ ᠳᠤᠭᠤᠶᠢᠯᠠᠩ ᠢ ᠪᠠᠶᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠣᠯᠤᠨ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠪᠠ︔ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢᠨ ᠬᠥᠳᠡᠯᠦᠩᠭᠦᠶ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠥᠩᠭᠡᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ᠂ ᠴᠠᠭᠠᠰᠤᠨ ᠳᠡᠭᠡᠷ᠎ᠡ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠡᠷᠭᠡᠶᠢᠯᠡᠵᠦ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠵᠢᠴᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠨᠡᠶᠢᠲᠡᠯᠢᠭ ᠴᠢᠨᠠᠷ ᠪᠣᠯᠤᠨ ᠥᠪᠡᠷᠮᠢᠴᠡ ᠴᠢᠨᠠᠷ ᠤᠨ ᠠᠰᠠᠭᠤᠳᠠᠯ ᠤᠨ ᠲᠣᠭᠤᠷᠢᠨ ᠳᠤ ᠨᠠᠷᠢᠨ ᠲᠣᠳᠣᠷᠬᠠᠶ ᠲᠣᠳᠣᠷᠬᠠᠶᠢᠯᠠᠯᠲᠠ ᠬᠢᠵᠦ᠂ ᠠᠰᠠᠭᠤᠳᠠᠯ ᠤᠨ ᠨᠠᠷᠢᠨ ᠳᠠᠩᠰᠠ᠂ ᠪᠠᠶᠢᠴᠠᠭᠠᠨ ᠰᠤᠳᠤᠯᠤᠯᠲᠠ ᠶᠢᠨ ᠨᠠᠷᠢᠨ ᠳᠠᠩᠰᠠ ᠪᠣᠯᠤᠨ ᠵᠥᠪ ᠪᠤᠷᠤᠭᠤ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠭᠯᠠᠨ ᠪᠢᠴᠢᠬᠦ ᠵᠢᠷᠤᠮᠵᠢᠯ ᠤᠨ ᠱᠠᠭᠠᠷᠳᠠᠯᠭ᠎ᠠ ᠶᠢ ᠨᠢᠭᠡᠳ ᠨᠢᠭᠡ ᠪᠠᠷ ᠲᠠᠶᠢᠯᠪᠤᠷᠢᠯᠠᠵᠤ᠂ ᠪᠠᠶᠢᠳᠠᠯ ᠢ ᠲᠣᠳᠣᠷᠬᠠᠶ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠡᠷᠢᠵᠦ᠂ ᠠᠷᠭᠠᠴᠠᠬᠤ ᠪᠣᠳᠣᠯᠭ᠎ᠠ ᠶᠢ ᠪᠣᠳᠠᠲᠠᠶ ᠳᠡᠭᠡᠭᠰᠢᠯᠡᠭᠦᠯᠬᠦ ᠶᠢ ᠦᠨᠡᠨᠬᠦ ᠪᠠᠲᠤᠯᠠᠪᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠭᠤᠣᠯ ᠬᠠᠷᠢᠭᠤᠴᠠᠯᠭᠠᠲᠠᠨ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠤᠳᠤᠷᠢᠳᠬᠤ ᠪᠠᠭ ᠤᠨ ᠪᠦᠷᠢᠯᠳᠦᠬᠦᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠬᠠᠷᠢᠭᠤᠴᠠᠵᠤ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠢᠶᠠᠨ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃      ᠠᠰᠠᠭᠤᠳᠠᠯ ᠢ ᠡᠮᠬᠢᠯᠡᠵᠦ ᠪᠦᠬᠦᠨ ᠢ ᠬᠠᠮᠤᠷᠬᠤ ᠶᠢ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠲᠦᠷᠦᠯ ᠬᠤᠪᠢᠶᠠᠨ ᠨᠠᠷᠢᠨ ᠲᠠᠩᠰᠠ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠵᠦ ᠪᠠᠶᠢᠭ᠎ᠠ ᠠᠰᠠᠭᠤᠳᠠᠯ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤᠮᠳᠠᠬᠢ ᠠᠰᠠᠭᠤᠳᠠᠯ ᠵᠡᠷᠭᠡ 6 ᠠᠰᠠᠭᠤᠳᠠᠯ ᠤᠨ ᠲᠦᠷᠦᠯ ᠢᠯᠭᠠᠯ ᠢ ᠬᠠᠷᠭᠤᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠠᠰᠠᠭᠤᠳᠠᠯ ᠤᠨ ᠨᠠᠷᠢᠨ ᠲᠠᠩᠰᠠ᠂ ᠪᠠᠶᠢᠴᠠᠭᠠᠨ ᠰᠤᠳᠤᠯᠤᠯᠲᠠ ᠳᠤ ᠢᠯᠡᠷᠡᠭᠦᠯᠦᠭᠰᠡᠨ ᠠᠰᠠᠭᠤᠳᠠᠯ ᠤᠨ ᠨᠠᠷᠢᠨ ᠲᠠᠩᠰᠠ ᠪᠠ ᠲᠤᠰᠬᠠᠢ ᠴᠡᠭᠴᠡᠯᠡᠨ ᠵᠠᠰᠠᠬᠤ ᠠᠰᠠᠭᠤᠳᠠᠯ ᠤᠨ ᠨᠠᠷᠢᠨ ᠲᠠᠩᠰᠠ ᠵᠡᠷᠭᠡ 4 ᠠᠰᠠᠭᠤᠳᠠᠯ ᠤᠨ ᠨᠠᠷᠢᠨ ᠲᠠᠩᠰᠠ ᠶᠢ ᠪᠠᠶᠢᠭᠤᠯᠪᠠ︔ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠩᠭᠠᠳᠬᠠᠬᠤ ᠪᠠᠷ ᠳᠠᠮᠵᠢᠭᠤᠯᠤᠨ᠂ ᠡᠬᠡ ᠲᠠᠩᠰᠠ ᠶᠢᠨ ᠬᠡᠯᠪᠡᠷᠢ ᠪᠠᠷ ᠬᠠᠮᠢᠶᠠᠷᠬᠤ᠂ ᠬᠥᠳᠡᠯᠦᠩᠭᠦᠢ ᠪᠠᠷ ᠳ᠋ᠤᠭᠠᠷ ᠢ ᠨᠢ ᠬᠠᠰᠤᠬᠤ ᠠᠷᠭ᠎ᠠ ᠬᠡᠯᠪᠡᠷᠢ ᠶᠢ ᠠᠪᠴᠤ᠂ ᠠᠰᠠᠭᠤᠳᠠᠯ ᠤᠨ ᠲᠦᠷᠦᠯ ᠢᠯᠭᠠᠯ ᠪᠠ ᠰᠢᠶᠠᠨ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠳᠤ ᠪᠠᠲᠤᠯᠠᠭ᠎ᠠ ᠬᠠᠩᠭᠠᠨ᠎ᠠ᠃      ᠬᠠᠶᠢᠷᠤᠪ ᠤᠨ ᠲᠣᠬᠤᠢ ᠲᠣᠭᠤᠷᠢᠭ ᠨᠢ ᠬᠢᠨᠠᠨ ᠬᠠᠷᠭᠤᠭᠤᠯᠵᠤ ᠪᠣᠭᠤᠮᠲᠠ ᠶᠢ ᠴᠢᠩᠭ᠎ᠠ ᠠᠳᠬᠤᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠲᠤᠭᠤᠷᠢᠭ ᠤᠨ ᠱᠠᠲᠤᠨ ᠤ ᠳᠡᠰ ᠳᠠᠪᠬᠤᠷᠭ᠎ᠠ ᠶᠢᠨ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠪᠠᠶᠢᠴᠠᠭᠠᠨ ᠦᠵᠡᠬᠦ ᠳᠤ ᠴᠥᠮ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠠᠩᠬᠠᠨ ᠤ ᠬᠢᠨᠠᠯᠲᠠ ᠬᠢᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠠᠯᠪᠠᠨ ᠭᠡᠷ ᠳᠠᠬᠢᠨ ᠬᠢᠨᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠴᠦᠰ ᠤᠨ ᠬᠢᠨᠠᠯᠲᠠ ᠬᠢᠵᠦ᠂ ᠴᠡᠭᠴᠡᠯᠡᠨ ᠰᠠᠶᠢᠵᠢᠷᠠᠭᠤᠯᠬᠤ ︽ᠭᠤᠷᠪᠠᠨ ᠪᠣᠭᠤᠮᠲᠠ︾᠎ ᠶᠢ ᠪᠠᠶᠢᠴᠠᠭᠠᠨ ᠦᠵᠡᠬᠦ ᠪᠠ ︽ᠪᠠᠷᠢᠯᠭ᠎ᠠ ᠶᠢᠨ ᠵᠢᠷᠤᠭ︾ ᠪᠠ ︽ᠲᠥᠯᠥᠪᠯᠡᠭᠡ ᠶᠢᠨ ᠬᠦᠰᠦᠨᠦᠭᠲᠦ︾᠎ ᠶᠢ ᠰᠤᠳᠤᠯᠤᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ︽ᠪᠠᠷᠢᠯᠭ᠎ᠠ ᠶᠢᠨ ᠵᠢᠷᠤᠭ︾ ᠪᠠ ︽ᠲᠥᠯᠥᠪᠯᠡᠭᠡ ᠶᠢᠨ ᠬᠦᠰᠦᠨᠦᠭᠲᠦ︾᠎ ᠶᠢ ᠰᠤᠳᠤᠯᠤᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ᠠᠭᠤᠯᠭ᠎ᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠪᠡᠶᠡᠯᠡᠭᠦᠯᠬᠦ ᠴᠠᠭ ᠤᠨ ᠬᠢᠵᠠᠭᠠᠷ ᠢ ᠵᠦᠢᠯ ᠳᠠᠷᠠᠭᠠᠯᠠᠨ ᠬᠢᠨᠠᠨ ᠲᠣᠭᠲᠠᠭᠠᠨ᠎ᠠ᠃      ᠬᠠᠶᠢᠷᠤᠪ ᠤᠨ ᠲᠣᠬᠤᠢ ᠲᠣᠭᠤᠷᠢᠭ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠢᠳᠡᠪᠬᠢᠲᠡᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠤᠯ ᠰᠡᠳᠦᠪᠲᠦ ᠬᠥᠮᠦᠵᠢᠯ ᠳᠤ ᠢᠮᠠᠭᠲᠠ ᠲᠤᠤᠱᠯᠠᠭᠤᠯᠵᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠢᠷ ᠠᠰᠠᠭᠤᠳᠠᠯ ᠢ ᠰᠢᠢᠤᠡᠪᠤᠷᠢᠯᠡᠬᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠴᠢᠬᠤᠯᠠ ᠤᠶᠢᠯᠡᠳᠤᠯᠭᠡ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠴᠡᠭᠡᠯ ᠠᠭᠤᠯᠠᠨ ᠤ ᠵᠡᠭᠡᠯᠢ ᠵᠡᠷᠭᠡ ᠬᠡᠰᠡᠭ ᠵᠠᠮ ᠤᠨ ᠬᠡᠰᠡᠭ ᠤᠨ ᠲᠡᠷᠭᠡᠨ ᠵᠠᠮ ᠢᠪᠴᠤᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠵᠠᠮ ᠤᠨ ᠬᠡᠰᠡᠭ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠦᠨ᠂ ᠲᠡᠷᠭᠡ ᠶᠠᠪᠤᠬᠤ ᠵᠠᠮ ᠢ ᠥᠷᠭᠡᠳᠬᠡᠵᠦ᠂ ᠲᠥᠷᠥᠯ ᠵᠦᠢᠯ ᠤᠨ ᠥᠭᠡᠷᠡᠴᠢᠯᠡᠯᠲᠡ ᠶᠢᠨ ᠬᠡᠷᠡᠭᠵᠢᠭᠦᠯᠦᠯᠲᠡ ᠶᠢ ᠦᠳᠲᠡᠷ ᠲᠦᠷᠭᠡᠨ ᠠᠬᠢᠭᠤᠯᠪᠠ᠃ ᠨᠡᠶᠢᠭᠡᠮ ᠤᠨ ᠵᠠᠰᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠤᠨ ᠬᠠᠮᠠᠭᠠᠯᠠᠬᠤ ᠨᠢ ᠴᠠᠭ ᠲᠤᠬᠠᠶ ᠳᠤᠨᠢ ᠪᠢᠰᠢ᠂ ᠣᠨᠣᠪᠴᠢᠲᠠᠶ ᠪᠤᠰᠤ ᠵᠢᠴᠢ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠤᠯ ᠤᠨ ᠲᠦᠷᠢᠶᠡᠰᠦᠯᠡᠬᠦ ᠦᠢᠯᠡᠴᠢᠯᠡᠭᠦᠷ ᠤᠨ ᠬᠠᠳᠠᠭᠠᠯᠠᠬᠤ ᠬᠡᠯᠪᠡᠷᠢ ᠶᠢ ᠬᠤᠪᠢᠷᠠᠭᠤᠯᠵᠤ᠂ ᠤᠯᠤᠰ ᠤᠨ ᠠᠮᠤᠷ ᠲᠦᠪᠰᠢᠨ ᠤ ᠲᠠᠰ ᠤᠨ ᠪᠠᠷᠢᠮᠵᠢᠶ᠎ᠠ ᠳᠤ ᠨᠡᠶᠢᠴᠡᠬᠦ ᠪᠥᠬᠦ  ᠲᠤᠭᠤᠷᠢᠭ ᠤᠨ ᠲᠤᠭ᠎ᠠ ᠪᠠᠷᠢᠮᠲᠠ ᠶᠢ ᠬᠠᠳᠠᠭᠠᠯᠠᠬᠤ ᠦᠢᠯᠡᠴᠢᠯᠡᠭᠦᠷ ᠢ ᠳᠣᠭᠢᠷᠠᠭᠤᠯᠤᠨ᠂ 7 × 24 ᠴᠠᠭ ᠤᠨ ᠮᠡᠷᠭᠡᠵᠢᠯ ᠤᠨ ᠠᠵᠢᠯᠯᠠᠭᠤᠯᠵᠤ ᠬᠠᠮᠠᠭᠠᠯᠠᠬᠤ ᠶᠢ ᠳᠣᠭᠢᠷᠠᠭᠤᠯᠵᠤ᠂ ᠲᠤᠭ᠎ᠠ ᠪᠠᠷᠢᠮᠲᠠ ᠶᠢᠨ ᠬᠠᠷᠢᠴᠠᠯᠠᠰᠢ ᠥᠬᠡᠶ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠬᠢᠴᠠ ᠨᠡᠯᠢᠶᠡᠳ ᠤᠳᠠᠭᠠᠨ᠂ ᠰᠠᠯᠠᠭ᠎ᠠ ᠮᠥᠴᠢᠷ ᠤᠨ ᠬᠠᠮᠵᠢᠯᠴᠠᠭ᠎ᠠ ᠲᠡᠶᠢᠮᠦ ᠨᠢᠭᠲᠠ ᠪᠢᠰᠢ ᠪᠠᠶᠢᠬᠤ ᠠᠰᠠᠭᠤᠳᠠᠯ ᠳᠤ ᠴᠢᠭᠯᠡᠭᠦᠯᠦᠨ᠂ ︽ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠶᠢᠷᠤᠪ ᠤᠨ ᠲᠣᠬᠤᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾᠎ ᠶᠢ ᠬᠢᠨᠠᠨ ᠵᠥᠪᠯᠡᠵᠦ ᠪᠠᠲᠤᠯᠠᠭᠠᠳ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠤᠯᠯᠠᠬᠤ ᠥᠷᠢᠰᠥᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠠᠵᠤ ᠦᠢᠯᠡᠰ ᠤᠨ ᠲᠥᠪᠯᠡᠷᠡᠯ ᠤᠨ ᠤᠶᠢᠯᠡᠳᠤᠯ ᠢ ᠪᠣᠶ ᠪᠣᠯᠭᠠᠨ᠎ᠠ᠃      ᠬᠠᠶᠢᠷᠤᠪ ᠤᠨ ᠲᠣᠬᠤᠢ ᠲᠣᠭᠤᠷᠢᠭ ᠨᠢ ᠦᠵᠡᠵᠦ ᠣᠯᠤᠭᠰᠠᠨ ᠬᠤᠪᠢᠷᠠᠯᠲᠠ ᠪᠠᠷ ᠠᠵᠢᠯ ᠦᠢᠯᠡᠰ ᠤᠨ ᠬᠥᠭᠵᠢᠯᠲᠡ ᠶᠢ ᠠᠬᠢᠭᠤᠯᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠭᠤᠤᠯ ᠰᠡᠳᠦᠪᠲᠦ ᠬᠥᠮᠦᠵᠢᠯ ᠤᠨ ᠠᠪᠴᠢᠷᠠᠭᠰᠠᠨ ᠰᠢᠨ᠎ᠡ ᠳᠦᠷᠰᠦ ᠪᠠᠶᠢᠳᠠᠯ᠂ ᠰᠢᠨ᠎ᠡ ᠬᠤᠪᠢᠷᠠᠯᠲᠠ ᠶᠢ ᠠᠵᠢᠯ ᠤᠨ ᠳᠤᠮᠳᠠ ᠬᠡᠪ ᠤᠨ ᠪᠠᠶᠢᠳᠠᠯ ᠲᠠᠢ ᠪᠣᠯᠭᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号