ᠬᠠᠶᠢᠷᠤᠪ ᠤᠨ ᠲᠣᠬᠤᠢ ᠲᠣᠭᠤᠷᠢᠭ ᠤᠨ ︽ᠲᠠᠪᠤᠨ ᠶᠡᠭᠡ ᠭᠤᠤᠯ ᠰᠡᠳᠦᠪᠲᠦ ᠠᠵᠢᠯᠯᠠᠭ᠎ᠠ︾ ᠣᠯᠠᠨ ᠲᠦᠮᠡᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ
ᠨᠡᠶᠢᠲᠡᠯᠡᠭᠰᠡᠨ ᠴᠠᠭ᠄
2023/2/10
      ᠴᠠᠭᠠᠨ ᠰᠠᠷ᠎ᠠ ᠶᠢᠨ ᠬᠤᠭᠤᠴᠠᠭᠠᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠬᠠᠭᠤᠯᠬᠤ ᠪᠠᠷ ᠭᠤᠣᠯ ᠰᠡᠳᠦᠪ ᠪᠣᠯᠭᠠᠵᠤ᠂ ︽ᠰᠤᠷᠤᠯᠴᠠᠬᠤ᠂ ᠤᠳᠬ᠎ᠠ ᠤᠷᠠᠯᠢᠭ᠂ ᠪᠠᠶᠠᠷ ᠬᠦᠷ ᠲᠠᠢ᠂ ᠪᠣᠯᠪᠠᠰᠤᠨ᠂ ᠬᠠᠶᠢᠷ᠎ᠠ ᠬᠠᠯᠠᠮᠵᠢ︾ ᠲᠠᠪᠤᠨ ᠶᠡᠭᠡ ᠭᠤᠣᠯ ᠰᠡᠳᠦᠪᠲᠦ ᠰᠣᠶᠣᠯ ᠤᠨ ᠠᠵᠢᠯᠯᠠᠭ᠎ᠠ ᠶᠢ ᠥᠷᠨᠢᠭᠦᠯᠪᠡ᠃     ᠰᠤᠷᠭᠠᠨ ᠬᠥᠮᠦᠵᠢᠯ ᠤᠨ ᠰᠢᠰᠲ᠋ᠧᠮ᠂ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ᠂ ᠠᠵᠤ ᠠᠬᠤᠶᠢᠯᠠᠯ ᠥᠷᠭᠡᠨ ᠤᠯᠠᠨ ᠲᠦᠮᠡᠨ ᠴᠡᠴᠡᠷᠯᠢᠭ᠂ ᠠᠭᠤᠳᠠᠮ ᠲᠠᠯᠠᠪᠠᠢ᠂ ᠪᠠᠭ᠎ᠠ ᠲᠣᠭᠤᠷᠢᠭ᠂ ᠬᠦᠷᠢᠶᠡᠯᠡᠩ ᠲᠣᠭᠤᠷᠢᠭ᠂ ᠲᠠᠯ᠎ᠠ ᠨᠤᠲᠤᠭ ᠤᠨ ᠨᠣᠮ ᠤᠨ ᠦᠷᠦᠭᠡ᠂ ᠬᠤᠨ ᠭᠠᠯᠠᠭᠤ ᠨᠣᠮ ᠤᠨ ᠦᠷᠦᠭᠡ ᠵᠡᠷᠭᠡ ᠳᠤ ᠨᠣᠮ ᠤᠩᠰᠢᠵᠤ ᠰᠤᠷᠤᠯᠴᠠᠬᠤ ᠰᠤᠷᠲᠠᠯ ᠢ ᠪᠤᠢ ᠪᠣᠯᠭᠠᠵᠤ᠂ ᠤᠶᠤᠨ ᠤ ᠠᠮᠢᠳᠤᠷᠠᠯ ᠢ ᠦᠷᠭᠦᠯᠵᠢᠯᠡᠨ ᠪᠠᠶᠠᠯᠢᠭᠵᠢᠭᠤᠯᠪᠠ᠃      ᠰᠣᠶᠣᠯ ᠵᠤᠭᠠᠴᠠᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠢᠴᠢ ᠡᠯ᠎ᠡ ᠪᠠᠯᠭᠠᠰᠤ ︵ᠵᠡᠭᠡᠯᠢ ᠭᠤᠳᠤᠮᠵᠢ ︶᠎ ᠶᠢᠨ ᠬᠢᠨ ︽ᠴᠠᠭᠠᠨ ᠰᠠᠷ᠎ᠠ ᠶᠢ ᠤᠭᠲᠤᠬᠤ · ᠪᠠᠶᠠᠷ ᠬᠥᠷ ᠲᠠᠢ ᠰᠢᠨᠡᠯᠡᠬᠦᠢ︾ ᠵᠡᠷᠭᠡ ᠭᠤᠣᠯ ᠰᠡᠳᠦᠪ ᠤᠨ ᠲᠣᠭᠤᠷᠢᠨ ᠳᠤ᠂ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠢ ᠵᠣᠬᠢᠶᠠᠨ ᠪᠠᠶᠢᠭᠤᠯᠵᠤ᠂ ᠭᠡᠷ ᠡᠷᠦᠭᠡ ᠳᠤ ᠬᠦᠷᠭᠡᠵᠦ ᠲᠣᠭᠯᠠᠯᠲᠠ ᠭᠠᠷᠭᠠᠯᠭᠠᠬᠤ᠂ ᠤᠷᠠᠨ ᠪᠢᠴᠢᠯᠭᠡᠲᠡᠨ ᠤ ᠭᠡᠷᠡᠯ ᠵᠢᠷᠤᠭᠴᠢᠳ ᠦᠨᠳᠦᠰᠦᠨ ᠱᠠᠲᠤᠨ ᠳᠤ ᠬᠦᠷᠴᠦ  ᠬᠠᠶᠢᠷ᠎ᠠ ᠬᠠᠯᠠᠮᠵᠢ ᠳᠡᠪᠰᠢᠭᠦᠯᠬᠦ᠂ ᠴᠠᠭᠠᠨ ᠰᠠᠷ᠎ᠠ ᠶᠢᠨ ᠬᠤᠣᠰ ᠤᠶᠠᠩᠭ᠎ᠠ ᠵᠡᠷᠭᠡ 90 ᠭᠠᠷᠤᠶ ᠲᠠᠯᠠᠪᠤᠷ ᠤᠳᠠᠭ᠎ᠠ ᠠᠵᠢᠯᠯᠠᠭ᠎ᠠ ᠥᠷᠨᠢᠭᠦᠯᠵᠦ᠂ 6 ᠲᠦᠮᠡ ᠭᠠᠷᠤᠶ ᠬᠥᠮᠦᠨ ᠤᠳᠠᠭ᠎ᠠ ᠣᠷᠣᠯᠴᠠᠵᠤ᠂ ᠴᠠᠭᠠᠨ ᠰᠠᠷ᠎ᠠ ᠶᠢᠨ ᠬᠤᠯᠪᠣᠭ᠎ᠠ᠂ ᠴᠣᠩᠬᠤᠨ ᠤ ᠴᠡᠴᠡᠭ᠂ ᠪᠡᠭᠡᠵᠢᠩ ᠵᠦᠴᠦᠭᠡ ᠵᠡᠷᠭᠡ ᠳᠤᠮᠳᠠᠳᠤ ᠶᠢᠨ ᠰᠢᠯᠢᠳᠡᠭ ᠰᠣᠶᠣᠯ ᠤᠨ ᠪᠦᠲᠦᠭᠡᠯ ᠢᠶᠠᠷ ᠪᠠᠶᠠᠷ ᠤᠨ ᠡᠳᠦᠷ ᠤᠨ ᠵᠥᠩᠨᠡᠯ ᠢ ᠳᠠᠮᠵᠢᠭᠤᠯᠵᠤ᠂ ᠴᠢᠩ ᠦᠨᠡᠨᠴᠢ ᠦᠵᠡᠭᠳᠡᠯ ᠢᠶᠠᠷ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠳᠤᠷᠠᠰᠤᠮᠵᠢ ᠦᠯᠡᠳᠡᠭᠡᠪᠡ  ᠃    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠬᠤ ᠶᠢᠨ ᠲᠥᠯᠥᠭᠡ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠣᠯᠪᠠᠰᠤᠨ ᠤ ᠠᠯᠪᠠᠨ ᠭᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠵᠡᠷᠭᠡ ︽ ᠠᠮᠤᠷ ᠠᠮᠤᠭᠤᠯᠠᠩ ᠪᠠᠶᠠᠷ ᠪᠠᠶᠠᠰᠬᠤᠯᠠᠩ ᠲᠠᠢ ᠪᠠᠷ ᠰᠢᠨᠡᠯᠡᠬᠦ︾ ᠵᠡᠷᠭᠡ ᠭᠤᠣᠯ ᠰᠡᠳᠦᠪ ᠤᠨ ᠲᠣᠭᠤᠷᠢᠨ ᠳᠤ᠂ ︽ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠣᠯᠪᠠᠰᠤᠨ ᠪᠠᠶᠠᠷ ᠤᠨ ᠡᠳᠦᠷ︾᠎ ᠤᠨ ᠲᠤᠬᠠᠢ ᠨᠢᠭᠡᠨ ᠵᠠᠬᠢᠳᠠᠯ᠂ ︽ᠪᠣᠯᠪᠠᠰᠤᠨ ᠢ ᠡᠷᠬᠢᠮᠯᠡᠵᠦ ᠰᠢᠨ᠎ᠡ ᠬᠡᠪ ᠰᠤᠷᠲᠠᠯ ᠢ ᠪᠤᠢ ᠪᠣᠯᠭᠠᠬᠤ︾ ᠰᠠᠨᠠᠭᠠᠴᠢᠯᠠᠭ᠎ᠠ ᠶᠢᠨ ᠪᠢᠴᠢᠭ ᠢ 7500 ᠭᠠᠷᠤᠢ ᠬᠤᠪᠢ ᠲᠠᠷᠬᠠᠭᠠᠵᠤ᠂ ︽ᠪᠣᠯᠪᠠᠰᠤᠨ ᠢ ᠡᠷᠬᠢᠮᠯᠡᠵᠦ ᠰᠢᠨ᠎ᠡ ᠵᠢᠯ ᠢ ᠥᠩᠭᠡᠷᠡᠭᠡᠬᠦ︾ ᠵᠡᠷᠭᠡ ᠠᠵᠢᠯᠯᠠᠭ᠎ᠠ ᠶᠢ 210 ᠭᠠᠷᠤᠢ ᠤᠳᠠᠭ᠎ᠠ ᠥᠷᠨᠢᠭᠦᠯᠵᠦ᠂ ᠥᠷᠭᠡᠨ ᠤᠯᠠᠨ ᠬᠤᠳᠠ ᠶᠢᠨ ᠠᠷᠠᠳ ᠤᠨ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠬᠤ ᠶᠢ ᠰᠠᠨᠠᠭᠠᠴᠢᠯᠠᠵᠤ᠂ ᠪᠣᠯᠪᠠᠰᠤᠨ ᠡᠷᠡᠭᠦᠯ ᠠᠮᠢᠳᠤᠷᠠᠯ ᠤᠨ ᠤᠢᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢ ᠰᠠᠨᠠᠭᠠᠴᠢᠯᠠᠪᠠ᠃     ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠤᠨ ᠪᠠᠶᠢᠳᠠᠯ ᠢ ᠰᠤᠷᠪᠤᠯᠵᠢᠯᠠᠵᠤ ᠠᠷᠠᠳ ᠤᠨ ᠵᠣᠪᠠᠭᠤᠷᠢ ᠶᠢ ᠰᠢᠢᠳᠪᠦᠷᠢᠯᠡᠬᠦ ᠪᠠᠶᠢᠴᠠᠭᠠᠨ ᠰᠤᠳᠤᠯᠤᠯᠲᠠ ᠬᠢᠬᠦ ᠂ ᠬᠦᠴᠢᠷᠳᠡᠯᠲᠡᠢ ᠠᠵᠢᠯᠳᠠᠨ ᠠᠵᠢᠯᠴᠢᠨ ᠢ ᠬᠠᠯᠠᠮᠵᠢᠯᠠᠨ ᠲᠣᠬᠤᠨᠢᠭᠤᠯᠬᠤ᠂ ᠲᠣᠭᠯᠠᠯᠲᠠ ᠶᠢ ᠠᠵᠤ ᠠᠬᠤᠶᠢᠯᠠᠯ ᠳᠤ ᠬᠦᠷᠭᠡᠬᠦ᠂ ᠬᠠᠶᠢᠷ᠎ᠠ ᠬᠠᠯᠠᠮᠵᠢ ᠶᠢᠨ ᠬᠤᠪᠴᠠᠰᠤ ᠬᠤᠨᠠᠷ ᠪᠡᠯᠡᠭᠯᠡᠨ ᠬᠦᠷᠭᠡᠬᠦ ᠵᠡᠷᠭᠡ ᠠᠵᠢᠯᠯᠠᠭ᠎ᠠ ᠶᠢ 40 ᠭᠠᠷᠤᠢ ᠤᠳᠠᠭ᠎ᠠ ᠥᠷᠨᠢᠭᠦᠯᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠳᠡᠷᠭᠡᠳᠡ ᠬᠦᠷᠭᠡᠵᠦ᠂ ᠬᠦᠴᠢᠷᠳᠡᠯᠲᠡᠢ ᠬᠥᠮᠦᠰ ᠢ ᠠᠮᠢᠳᠤᠷᠠᠯ ᠤᠨ ᠲᠠᠯ᠎ᠠ ᠪᠠᠷ ᠬᠠᠪᠰᠤᠷᠤᠨ  ᠲᠡᠤᠡᠭᠦᠵᠤ᠂ ᠤᠶᠤᠨ ᠰᠠᠨᠠᠭᠠᠨ ᠤ ᠲᠠᠯ᠎ᠠ ᠪᠠᠷ ᠤᠷᠮᠠᠰᠢᠭᠤᠯᠤᠯ ᠬᠦᠷᠳᠡᠭᠡᠵᠤ᠂ ᠬᠠᠯᠠᠭᠤᠨ ᠳᠤᠯᠠᠭᠠᠨ ᠰᠠᠨᠠᠭᠳᠠᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号