ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠶ ᠱᠠᠯᠠᠪᠳᠠᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/2/10
     ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠪᠡᠯᠡᠳᠬᠡᠯ ᠢ ᠰᠠᠶᠢᠲᠤᠷ ᠬᠢᠵᠦ᠂ ᠰᠤᠷᠭᠠᠭᠤᠯᠢ ᠡᠬᠢᠯᠡᠭᠰᠡᠨ ᠤ ᠳᠠᠷᠠᠭᠠᠬᠢ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ︽ᠰᠤᠷᠭᠠᠭᠤᠯᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠤᠯ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ ︽ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ 2 ᠰᠠᠷ᠎ᠠ ᠶᠢᠨ 1᠎ ᠤ ᠡᠳᠦᠷ ᠠᠴᠠ ᠡᠬᠢᠯᠡᠨ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠰᠤᠷᠭᠠᠭᠤᠯᠢ ᠳᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠶ ᠰᠢᠮᠳᠠᠭᠤᠯᠤᠨ ᠪᠠᠶᠢᠴᠠᠭᠠᠯᠲᠠ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠤᠨ ᠬᠢᠨ ᠶᠠᠷᠢᠯᠴᠠᠬᠤ ᠬᠤᠷᠠᠯ᠂ ᠬᠠᠷᠢᠭᠤ ᠮᠡᠳᠡᠭᠦᠯᠦᠯᠲᠡ ᠶᠢ ᠰᠣᠨᠣᠰᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠰᠤᠷᠭᠠᠭᠤᠯᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠤᠯ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠪᠠᠺᠲ᠋ᠧᠷᠢ ᠢ ᠠᠯᠠᠬᠤ᠂ ᠡᠳ᠋ ᠪᠣᠳᠠᠰ ᠢ ᠨᠥᠭᠡᠴᠡᠯᠡᠬᠦ᠂ ᠭᠠᠳᠠᠨ᠎ᠠ ᠠᠴᠠ ᠢᠷᠡᠭᠰᠡᠨ ᠬᠥᠮᠦᠰ ᠢ ᠳᠡᠩᠰᠡᠯᠡᠨ ᠲᠡᠮᠳᠡᠭᠯᠡᠬᠦ᠂ ᠭᠡᠷ ᠤᠨ ᠭᠠᠳᠠᠨᠠᠬᠢ ᠪᠠᠭᠠᠵᠢ ᠬᠡᠷᠡᠭᠰᠡᠯ᠂ ᠰᠤᠷᠭᠠᠭᠤᠯᠢ ᠶᠢᠨ ᠲᠡᠷᠭᠡ ᠪᠠ ᠳᠤᠯᠠᠭᠠᠯᠠᠭ᠎ᠠ ᠶᠢᠨ ᠲᠥᠬᠦᠭᠡᠷᠦᠮᠵᠢ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠯᠵᠤ ᠮᠡᠳᠡᠭᠰᠡᠨ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠲᠤᠬᠠᠶ ᠶᠢᠨ ᠲᠠᠯᠠᠪᠤᠷ ᠲᠤᠨᠢ ᠬᠠᠷᠢᠭᠤ ᠲᠤᠰᠬᠠᠵᠤ᠂ ᠰᠤᠷᠭᠠᠭᠤᠯᠢ ᠶᠢ ᠵᠢᠯᠣᠭᠤᠳᠤᠨ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠬᠦ ᠬᠡᠷᠡᠭᠲᠡᠶ  ᠭᠡᠵᠤ ᠱᠠᠭᠠᠷᠳᠠᠪᠠ᠃    ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠡᠯ᠎ᠡ ᠰᠤᠷᠭᠠᠭᠤᠯᠢ ᠶᠢ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠤᠷᠭᠠᠨ ᠬᠥᠮᠦᠵᠢᠯ ᠤᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ ᠭᠡᠵᠦ ᠱᠠᠭᠠᠷᠳᠠᠪᠠ᠃ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠤᠨ᠂ ᠬᠥᠮᠦᠨ ᠤ ᠬᠦᠴᠤᠨ ᠢᠶᠠᠷ  ᠬᠠᠮᠭᠠᠯᠠᠬᠤ᠂ ᠪᠣᠳᠠᠰ ᠢᠶᠠᠷ ᠬᠠᠮᠭᠠᠯᠠᠬᠤ ᠂ ᠮᠡᠷᠭᠡᠵᠢᠯ ᠢᠶᠠᠷ ᠬᠠᠮᠭᠠᠯᠠᠬᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ︔ ᠰᠤᠷᠭᠠᠭᠤᠯᠢ ᠡᠬᠢᠯᠡᠬᠦ ᠠᠮᠤᠷ ᠲᠦᠪᠰᠢᠨ ᠤ ᠨᠢᠭᠡᠳᠦᠭᠡᠷ ᠬᠢᠴᠢᠶᠡᠯ ᠢ ᠰᠠᠶᠢᠲᠤᠷ ᠬᠢᠵᠦ᠂ ᠭᠠᠷ ᠤᠲᠠᠰᠤᠨ ᠤ ᠬᠠᠮᠢᠶᠠᠷᠤᠯᠲᠠ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠬᠠᠤᠯᠢ ᠲᠦᠷᠢᠮ ᠤᠨ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠡᠭᠦᠰᠬᠦ ᠶᠢ ᠬᠤᠷᠢᠭᠯᠠᠨ᠎ᠠ︔ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ  ᠠᠤᠡᠬᠤᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号