ᠵᠠᠰᠠᠭ ᠤᠨ ᠣᠷᠳᠣᠨ ᠤ ᠠᠵᠢᠯ ᠤᠨ ᠢᠯᠡᠤᠡᠭᠡᠯ ︵2023 ᠤᠨ︶
ᠨᠡᠶᠢᠲᠡᠯᠡᠭᠰᠡᠨ ᠴᠠᠭ᠄
2023/2/12
2023 ᠤᠨ ᠤ 1 ᠰᠠᠷ᠎ᠠ ᠶᠢᠨ 6᠎ ᠤ ᠡᠳᠦᠷ᠂ ᠲᠤᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠲᠡᠭᠡᠷ᠎ᠡ               ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ                                      ᠼᠦᠢ ᠬᠤᠩ ᠪᠥᠸᠧᠲᠦᠯᠦᠬᠡᠯᠡᠭᠴᠢᠳ ᠡ᠄    ᠣᠳᠣ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠤᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ 2022 ᠣᠨ ᠤ ᠠᠵᠢᠯ ᠤᠨ ᠡᠷᠭᠢᠴᠡᠭᠦᠯᠦᠯ     2022 ᠣᠨ ᠪᠣᠯ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠬᠢᠯᠡᠯᠲᠡ ᠶᠢᠨ ᠵᠢᠯ ᠪᠣᠯᠤᠨ᠎ᠠ᠂ ᠮᠥᠨᠴᠦ ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠴᠢᠬᠤᠯᠠ᠂ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠤᠯᠠᠨ ᠡᠭᠡᠯᠵᠢ ᠶᠢᠨ ᠲᠠᠭᠠᠷᠢᠯᠳᠠ ᠪᠣᠯᠤᠨ ᠪᠡᠷᠬᠡ ᠬᠠᠲᠠᠭᠤᠵᠢᠯᠲᠠᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠪᠣᠯᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠶᠢ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠬᠤᠳᠠ ᠶᠢᠨ ᠨᠠᠢᠮᠠᠳᠤᠭᠠᠷ ᠤᠳᠠᠭᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ᠬᠥᠭᠵᠢᠯᠲᠡ ᠪᠣᠯᠤᠨ ᠠᠮᠤᠷ ᠲᠦᠪᠰᠢᠨ ᠢᠶᠠᠨ ᠨᠢᠭᠡᠳᠦᠯᠲᠡᠢ ᠲᠥᠯᠥᠪᠵᠢᠭᠦᠯᠵᠦ᠂ ᠨᠢᠭᠡ ᠭᠤᠣᠯ ᠰᠢᠵᠢᠮ ᠢ ᠲᠤᠤᠱᠯᠠᠭᠤᠯᠬᠤ᠂ ᠬᠤᠶᠠᠷ ᠶᠡᠭᠡ ᠡᠭᠦᠷᠭᠡ ᠶᠢ ᠠᠬᠢᠭᠤᠯᠬᠤ᠂ ︽ᠭᠤᠷᠪᠠᠨ ᠥᠨᠳᠥᠷ︾ ᠬᠠᠷᠠᠯᠲᠠ ᠶᠢ ᠪᠡᠶᠡᠯᠡᠭᠦᠯᠬᠦ ᠱᠠᠭᠠᠷᠳᠠᠯᠭ᠎ᠠ ᠶᠣᠰᠣᠭᠠᠷ᠂ ᠬᠦᠨᠳᠦ ᠡᠭᠦᠷᠭᠡ ᠶᠢ ᠡᠭᠦᠷᠭᠡᠯᠡᠬᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠰᠢᠨ᠎ᠡ ᠶᠢ ᠡᠭᠦᠳᠬᠦ ᠪᠣᠳᠠᠲᠠᠢ ᠠᠵᠢᠯᠯᠠᠬᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠲᠣᠭᠲᠠᠭᠤᠨ︾ ᠬᠥᠳᠡᠯᠭᠡᠬᠦ ᠬᠦᠴᠦᠨ ᠢᠶᠠᠨ ᠬᠤᠷᠠᠮᠳᠤᠭᠤᠯᠵᠤ᠂ ᠡᠯ᠎ᠡ ᠵᠦᠢᠯ ᠤᠨ ᠠᠵᠢᠯ ᠦᠢᠯᠡᠰ ᠲᠠᠬᠢᠨ ᠰᠢᠨ᠎ᠡ ᠳᠡᠭᠲᠡᠷ ᠲᠤ ᠭᠠᠷᠴᠤ᠂ ᠰᠢᠨ᠎ᠡ ᠦᠷ᠎ᠡ ᠪᠦᠲᠦᠮᠵᠢ ᠣᠯᠵᠤ᠂ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢ ᠲᠦᠷᠭᠡᠨ ᠪᠠᠶᠢᠭᠤᠯᠬᠤ ᠪᠠᠲᠤ ᠪᠠᠬᠢ ᠠᠯᠬᠤᠮ ᠢ ᠠᠯᠬᠤᠪᠠ᠃ ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 4% ᠣᠷᠴᠢᠮ ᠨᠡᠮᠡᠭᠳᠡᠭᠦᠯᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 61 ᠳ᠋ᠦᠩᠰᠢᠭᠤᠷ ᠲᠥᠭᠦᠷᠢᠭ  ᠪᠡᠶᠡᠯᠡᠭᠦᠯᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠠᠳᠠᠯᠢ ᠬᠤᠭᠤᠴᠠᠭᠠᠨ ᠤ ᠬᠢ ᠠᠴᠠ 40% ᠣᠷᠴᠢᠮ ᠨᠡᠮᠡᠭᠳᠡᠭᠦᠯᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 2% ᠣᠷᠴᠢᠮ ᠨᠡᠮᠡᠭᠳᠡᠪᠡ᠃ ᠬᠤᠲᠠ ᠪᠠᠯᠭᠠᠰᠤ᠂ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ ᠠᠳᠠᠯᠢ ᠬᠤᠭᠤᠴᠠᠭᠠᠨ ᠤ ᠬᠢ ᠠᠴᠠ 6% ᠪᠠ 7 %᠎ ᠪᠠᠷ ᠨᠡᠮᠡᠭᠳᠡᠪᠡ᠃    ᠡᠨᠡ ᠨᠢᠭᠡ ᠵᠢᠯ ᠳᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠠᠯᠬᠤᠮ ᠠᠯᠬᠤᠮ ᠢᠶᠠᠷ  ᠭᠦᠢᠴᠡᠤᠡᠭᠡᠪᠡ᠃ ᠪᠢᠳᠡ ᠬᠠᠭᠤᠴᠢᠨ ᠢᠶᠠᠨ ᠲᠤᠬᠢᠷᠠᠭᠤᠯᠤᠨ ᠰᠢᠨ᠎ᠡ ᠶᠢ ᠡᠭᠦᠳᠬᠦ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ︽ᠬᠤᠣᠰ ᠨᠡᠭᠦᠷᠡᠰᠦᠲᠥ᠋ᠷᠥᠭᠴᠢ︾᠎ ᠶᠢᠨ ᠪᠠᠶᠢᠯᠳᠤᠬᠤ ᠪᠤᠳᠤᠯᠭ᠎ᠠ ᠪᠠᠨ ᠭᠦᠨᠵᠡᠭᠡᠢ  ᠲᠤᠤᠱᠯᠠᠭᠤᠯᠪᠠ᠃ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠎ ᠢᠶᠠᠨ ᠢᠳᠡᠪᠬᠢᠲᠡᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠳᠤ ᠨᠡᠩ ᠤᠶᠠᠨ ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠲᠠᠢ ᠪᠣᠯᠪᠠ᠃ ᠲᠥᠷᠥᠯ ᠵᠦᠢᠯ ᠤᠨ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠪᠦᠬᠦ ᠬᠦᠴᠦᠨ ᠢᠶᠠᠷ ᠢᠶᠠᠨ ᠠᠤᠡᠬᠤᠪᠠ᠃ ︽2022 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ︾᠎ ᠎ ᠪᠠᠨ ᠨᠠᠶᠢᠳᠠᠪᠤᠷᠢᠵᠢᠭᠤᠯᠵᠤ᠂ 45 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠪᠡ᠃ ᠭᠡᠷ᠎ᠡ ᠲᠣᠭᠲᠠᠬᠤ ᠪᠤᠶᠤ ᠳᠠᠩᠰᠠᠯᠠᠭᠤᠯᠬᠤ 32 ᠲᠥᠷᠥᠯ ᠵᠦᠢᠯ ᠢ ᠪᠡᠶᠡᠯᠡᠭᠦᠯᠵᠦ᠂ 526 ᠳ᠋ᠦᠩᠰᠢᠭᠤᠷ ᠲᠥᠭᠦᠷᠢᠭ ᠤᠨ ᠭᠡᠷ᠎ᠡ ᠲᠣᠭᠲᠠᠵᠠᠶ᠃ ᠠᠵᠤ ᠤᠶᠢᠯᠡᠤᠡᠪᠤᠷᠢ ᠶᠢ ᠬᠥᠭᠵᠢᠭᠦᠯᠬᠦ ᠶᠢ ᠡᠷᠡᠰ ᠭᠤᠶᠢᠪᠢᠰᠢ ᠦᠭᠡᠢ ᠠᠤᠡᠬᠤᠪᠠ᠃ ᠵᠢᠱᠢᠯᠲᠡ ᠪᠠᠷ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6% ᠣᠷᠴᠢᠮ ᠨᠡᠮᠡᠭᠳᠡᠬᠦ ᠪᠣᠯᠤᠨ᠎ᠠ᠃ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠠᠯ︾ ︹2013︺ᠣᠨ ᠤ ᠬᠠᠷᠠᠯᠲᠠ ᠪᠠᠨ ᠪᠥᠬᠦ ᠲᠠᠯ᠎ᠠ ᠪᠠᠷ ᠪᠡᠶᠡᠯᠡᠭᠦᠯᠪᠡ᠃ ᠶᠡᠷᠦᠩᠬᠡᠢ ᠪᠡᠯᠡ ᠣᠷᠣᠭᠤᠯᠤᠯᠲᠠ 283 ᠳ᠋ᠦᠩᠰᠢᠭᠤᠷ ᠲᠥᠭᠦᠷᠢᠭ ᠲᠤ ᠬᠦᠷᠦᠭᠰᠡᠨ ᠳ᠋ᠦᠩ ᠹᠠᠩ ᠰᠢ ᠸᠠᠩ ᠪᠦᠯᠦᠭᠯᠡᠯ ᠤᠨ ᠤᠯᠠᠨ ᠲᠠᠯᠠᠰᠲᠤ ᠴᠠᠬᠢᠭᠤᠷ᠂ ᠲᠠᠩ ᠲᠠᠯᠠᠰᠲᠤ ᠴᠠᠬᠢᠭᠤᠷ᠂ ᠬᠡᠷᠴᠢᠮᠡᠯ᠂ ᠳ᠋ᠢᠶᠠᠨ ᡂᠢ᠂ ᠲᠤᠨᠤᠭ ᠲᠥᠬᠦᠭᠡᠷᠦᠮᠵᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠤᠨ ᠭᠡᠷ᠎ᠡ ᠲᠣᠭᠲᠠᠬᠤ ᠶᠢᠨ ᠬᠠᠮᠲᠤ ᠠᠵᠢᠯ ᠡᠬᠢᠯᠡᠬᠦ ᠶᠣᠰᠣᠯᠠᠯ ᠶᠠᠪᠤᠭᠤᠯᠵᠠᠢ᠃ ᠭᠦᠸᠧ ᠨᠧᠩ ᠯᠦᠩ ᠶᠤᠸᠠᠨ ᠤ ᠠᠮᠢᠳᠤ ᠨᠢᠳ᠋ᠷᠤ᠋ ᠥᠬᠡᠶᠢᠳᠡᠭᠦᠯᠬᠦ ᠲᠦᠷᠭᠡᠳᠬᠡᠭᠦᠷ ᠢ ᠶᠡᠷᠦᠩᠬᠡᠶᠢᠯᠡᠨ ᠠᠰᠢᠭᠯᠠᠬᠤ ᠲᠥᠷᠥᠯ ᠵᠤᠶᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠭᠤᠤᠯ ᠴᠣᠭᠴᠠ ᠶᠢᠨ ᠠᠵᠢᠯ ᠳᠠᠭᠤᠰᠴᠤ᠂ ᠵᠢᠶᠠᠨ ᠯᠦᠩ ᠤᠨ 60 ᠲᠦᠮᠡᠨ ᠲᠣᠨ ᠪᠣᠯᠣᠳ ᠤᠨ ᠰᠢᠭᠠᠷᠤ ᠶᠢ ᠰᠢᠢᠤᠡᠪᠤᠷᠢᠯᠡᠬᠦ᠂ ᠬᠠᠲᠠᠭᠤ ᠪᠡᠶᠡᠲᠦ ᠬᠠᠶᠠᠭᠳᠠᠮᠠᠯ ᠰᠢᠭᠠᠷᠤ ᠶᠢᠨ ᠲᠠᠯᠠᠪᠠᠶ᠂ ᠬᠤᠭᠤᠰᠣᠨ ᠬᠤᠪᠢᠶᠠᠨ ᠬᠦᠴᠢᠯᠲᠥ᠋ᠷᠥᠭᠴᠢ ᠦᠢᠯᠡᠳᠬᠦ ᠲᠥᠷᠥᠯ ᠵᠤᠶᠢᠯ ᠠᠰᠢᠭᠯᠠᠯᠲᠠ ᠳᠤ ᠣᠷᠣᠵᠤ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 41 ᠳ᠋ᠦᠩᠰᠢᠭᠤᠷ ᠲᠥᠭᠦᠷᠢᠭ ᠤᠨ 300 ᠲᠦᠮᠡᠨ ᠲᠣᠨ ᠨᠡᠭᠦᠷᠡᠰᠦ ᠬᠡᠤᠷᠰᠢᠭᠦᠯᠬᠦ ᠲᠥᠷᠥᠯ ᠵᠤᠶᠢᠯ ᠡᠮᠬᠢ ᠵᠢᠷᠤᠮ ᠲᠠᠢ ᠠᠭᠢᠵᠤ᠂  ᠵᠦᠩ ᠲᠠᠢ ᠲᠣᠮᠣ ᠬᠡᠯᠪᠡᠷᠢ ᠶᠢᠨ ᠠᠵᠤ ᠤᠶᠢᠯᠡᠤᠡᠪᠤᠷᠢ ᠶᠢᠨ ᠰᠢᠩᠭᠡᠨ ᠤᠰᠤᠲᠥ᠋ᠷᠥᠭᠴᠢ ᠶᠢ ᠬᠠᠳᠠᠭᠠᠯᠠᠬᠤ ᠲᠥᠷᠥᠯ ᠵᠤᠶᠢᠯ ᠠᠮᠵᠢᠯᠲᠠ ᠲᠠᠢ ᠪᠠᠷ ᠨᠠᠶᠢᠳᠠᠪᠤᠷᠢᠵᠢᠭᠤᠯᠤᠭᠳᠠᠵᠤ᠂ ᠰᠠᠢ ᠰᠧ ᠫᠦ᠋ ᠳᠡᠭᠡᠳᠦ ᠲᠠᠰ ᠤᠨ ᠴᠡᠪᠡᠷ ᠴᠢᠳᠬᠤᠮᠠᠯ ᠰᠢᠷᠡᠮᠦ᠂ ᠪᠦᠦ ᠵᠢᠶᠧ ᠪᠢᠯᠢᠭ ᠲᠦᠢᠯ ᠤᠨ ᠮᠠᠲ᠋ᠧᠷᠢᠶᠠᠯ᠂ ᠪᠤᠤ ᠡᠤ ᠵᠡᠷᠭᠡ ᠨᠢᠭᠡ ᠪᠦᠯᠦᠭ ᠲᠥᠷᠥᠯ ᠵᠤᠶᠢᠯ ᠤᠨ ᠤᠶᠢᠯᠡᠤᠡᠪᠤᠷᠢᠯᠡᠯ ᠳᠤ ᠬᠦᠷᠴᠦ ᠦᠷ᠎ᠡ ᠪᠦᠲᠦᠮᠵᠢ ᠣᠯᠵᠤ᠂ ᠤᠯᠠᠮᠵᠢᠯᠠᠯᠲᠤ ᠠᠵᠤ ᠤᠶᠢᠯᠡᠰ ᠤᠨ ᠳᠠᠪᠬᠤᠴᠠᠨ ᠲᠠᠰ ᠳᠡᠪᠰᠢᠬᠦ ᠠᠯᠬᠤᠴᠠ ᠲᠦᠷᠭᠡᠳᠪᠡ᠃ ᠪᠦᠬᠦ ᠰᠢᠶᠠᠨ ᠤ ᠭᠡᠷ ᠤᠨ ᠣᠷᠣᠶ ᠶᠢᠨ ᠲᠠᠷᠬᠠᠯᠲᠠ ᠶᠢᠨ ᠮᠠᠶ᠋ᠢᠭ ᠤᠨ ᠭᠡᠷᠡᠯ ᠴᠡᠨᠡᠭ ᠤᠨ ᠲᠥᠷᠥᠯ ᠵᠦᠢᠯ ᠨᠢ ᠤᠯᠤᠰ ᠤᠨ ᠠᠩᠬᠠᠨ ᠤ ᠪᠦᠯᠦᠭ ᠤᠨ ᠵᠢᠱᠢᠶ᠎ᠡ ᠦᠵᠡᠭᠦᠯᠬᠦ ᠲᠤᠷᠰᠢᠯᠲᠠ ᠳᠤ ᠠᠮᠵᠢᠯᠲᠠ ᠲᠠᠢ ᠣᠷᠣᠵᠤ᠂  ᠢ ᠯᠢᠨ ᠪᠠᠭ᠎ᠠ ᠰᠤᠷᠭᠠᠭᠤᠯᠢ ᠶᠢᠨ ᠲᠠᠷᠬᠠᠮᠠᠯ ᠭᠡᠷᠡᠯ ᠸᠣᠯᠲ ᠵᠡᠷᠭᠡ ᠲᠤᠷᠰᠢᠯᠲᠠ ᠶᠢᠨ ᠲᠥᠷᠥᠯ ᠵᠦᠢᠯ ᠢ ᠡᠬᠢᠯᠡᠨ ᠪᠠᠶᠢᠭᠤᠯᠪᠠ᠃ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 4.7 ᠳ᠋ᠦᠩᠰᠢᠭᠤᠷ ᠲᠥᠭᠦᠷᠢᠭ ᠲᠤ ᠬᠦᠷᠦᠭᠰᠡᠨ ᠵᠢᠩ ᠬᠠᠢ ᠴᠠᠬᠢᠯᠭᠠᠨ ᠦᠢᠯᠡᠳᠪᠦᠷᠢ ᠶᠢᠨ ᠢᠯᠴᠢ ᠶᠢᠨ ᠴᠠᠬᠢᠯᠭᠠᠨ ᠤ ᠠᠮᠢᠳᠤᠯᠢᠭ ᠥᠭᠡᠷᠡᠴᠢᠯᠡᠯᠲᠡ ᠶᠢ ᠢᠵᠢ ᠪᠦᠷᠢᠳᠦᠭᠦᠯᠬᠦ 100MW ᠭᠡᠷᠡᠯ ᠴᠡᠨᠡᠭ ᠤᠨ ᠲᠥᠷᠥᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠵᠦᠵᠸᠤ ᠶᠢᠨ ᠵᠦᠩ ᠴᠧ ᠰᠥᠷᠭᠡᠦ ᠬᠤᠪᠢᠷᠠᠭᠤᠷ᠂ ᠲᠢᠶᠠᠨ ᠴᠢ ᠱᠦᠢ ᠰᠠᠯᠬᠢᠨ ᠬᠦᠷᠳᠦ ᠶᠢᠨ ᠪᠤᠯᠤ ᠴᠢᠳᠬᠤᠬᠤ ᠵᠡᠷᠭᠡ ᠨᠢᠭᠡ ᠪᠦᠯᠦᠭ ᠲᠦᠷᠦᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠵᠦ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠫᠠᠶᠢᠰᠠ ᠡᠯᠭᠦᠵᠦ᠂ ᠥᠩᠭᠡ ᠦᠵᠡᠮᠵᠢ ᠨᠥᠭᠡᠴᠡᠯᠡᠬᠦ ᠲᠡᠷᠭᠡ ᠶᠢ ᠪᠣᠬᠢᠷᠲᠤᠯ ᠦᠭᠡᠢ ᠵᠠᠮ ᠬᠠᠷᠢᠯᠴᠠᠭᠠᠨ ᠤ ᠨᠥᠭᠡᠴᠡ ᠡᠨᠧᠷᠭᠢ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ︽ᠵᠤᠵᠠᠭᠠᠨ ᠤ ᠬᠡᠮᠵᠢᠶ᠎ᠡ︾ ᠪᠣᠯᠤᠨ ︽ᠤᠷᠳᠤ ᠶᠢᠨ ᠬᠡᠮᠵᠢᠶ᠎ᠡ︾᠎ ᠎ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠪᠡ᠃ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠂ 54.39 ᠾᠧᠺᠲ᠋ᠠᠷ ᠰᠤᠯᠠ ᠪᠠᠶᠢᠬᠤ ᠭᠠᠵᠠᠷ ᠰᠢᠷᠣᠶ ᠶᠢ ᠬᠤᠷᠢᠶᠠᠨ ᠠᠪᠴᠤ᠂ 5.46 ᠾᠧᠺᠲ᠋ᠠᠷ ᠭᠠᠵᠠᠷ ᠰᠢᠷᠣᠶ ᠶᠢ ᠴᠡᠪᠡᠷᠯᠡᠨ ᠭᠠᠷᠭᠠᠵᠤ᠂ 67 ᠾᠧᠺᠲ᠋ᠠᠷ ᠭᠠᠵᠠᠷ ᠰᠢᠷᠣᠶ ᠶᠢ ᠠᠮᠢᠯᠠᠭᠤᠯᠪᠠ︔ ᠬᠢᠮᠢ ᠶᠢᠨ ᠠᠵᠤ ᠤᠶᠢᠯᠡᠤᠡᠪᠤᠷᠢ ᠶᠢᠨ ᠬᠦᠷᠢᠶᠡᠯᠡᠩ ᠲᠣᠭᠤᠷᠢᠭ ᠠᠮᠵᠢᠯᠲᠠ ᠲᠠᠢ ᠪᠠᠷ ᠣᠷᠣᠨ ᠢᠶᠠᠨ ᠥᠷᠭᠡᠳᠬᠡᠵᠦ᠂ ᠤᠶᠤᠨᠲᠤ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠤᠶᠢᠯᠡᠴᠢᠯᠡᠭᠡᠨ ᠤ ᠲᠥᠪ᠂ ᠠᠶᠤᠯᠲᠠᠶ ᠲᠡᠷᠭᠡᠨ ᠵᠣᠭᠰᠣᠭᠠᠯ ᠵᠡᠷᠭᠡ ᠰᠠᠭᠤᠷᠢ ᠪᠡᠯᠡᠳᠬᠡᠮᠵᠢ ᠶᠢᠨ ᠲᠥᠷᠥᠯ ᠵᠤᠶᠢᠯ ᠎ ᠢᠶᠠᠨ ᠡᠬᠢᠯᠡᠨ ᠬᠡᠷᠡᠭᠵᠢᠭᠦᠯᠵᠦ᠂ ᠠᠵᠤ ᠤᠶᠢᠯᠡᠰ ᠤᠨ ᠬᠦᠷᠢᠶᠡᠯᠡᠩ ᠤᠨ ᠡᠬᠢ ᠪᠠᠶᠠᠯᠢᠭ ᠤᠨ ᠬᠦᠴᠦᠨ ᠵᠤᠶᠢᠯ ᠤᠨ ᠪᠠᠲᠤᠯᠠᠭ᠎ᠠ ᠎ ᠪᠠᠨ ᠲᠡᠭᠦᠯᠳᠡᠷᠵᠢᠭᠦᠯᠦᠨ᠂ ᠳᠠᠭᠠᠭᠠᠴᠠ ᠶᠢᠨ ᠬᠦᠴᠦᠨ ᠢᠶᠠᠨ ᠤᠯᠠᠮ ᠨᠢᠭᠡ ᠠᠯᠬᠤᠮ ᠴᠢᠩᠭᠠᠳᠬᠠᠪᠠ᠃ ᠠᠷᠭ᠎ᠠ ᠪᠦᠬᠦᠨ ᠎ ᠢᠶᠠᠨ ᠰᠦᠪᠡᠭᠴᠢᠯᠡᠨ ᠭᠤᠷᠪᠠᠨ ᠠᠵᠤ ᠦᠢᠯᠡᠰ ᠢ ᠠᠳᠬᠤᠵᠤ ᠬᠡᠷᠡᠭᠯᠡᠭᠡ ᠎ ᠪᠠᠨ ᠠᠬᠢᠭᠤᠯᠪᠠ᠃ ᠬᠢᠵᠢᠭ ᠤᠨ ᠪᠠᠶᠢᠳᠠᠯ ᠤᠨ ᠨᠥᠯᠥᠭᠡ ᠶᠢ ᠢᠳᠡᠪᠬᠢᠲᠡᠶ ᠠᠷᠭᠠᠴᠠᠭᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠬᠤᠤᠰ ᠴᠢᠭᠯᠡᠯ ᠢᠶᠠᠷ ᠬᠦᠴᠦᠯᠡᠨ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠮᠠᠰᠢᠨ ᠲᠡᠷᠭᠡᠨ ᠤ ᠲᠡᠷᠭᠡ ᠂ ᠪᠣᠷᠣᠯᠠᠭᠤᠯᠭ᠎ᠠ ᠶᠢ ᠨᠢ ᠠᠬᠢᠭᠤᠯᠬᠤ ᠬᠤᠷᠠᠯ ᠡᠷᠭᠢᠯᠡᠬᠦ ᠶᠢ ᠳᠡᠮᠵᠢᠨ ᠬᠥᠲᠥᠯᠦᠨ ᠵᠢᠯᠣᠭᠤᠳᠴᠤ᠂ 3.2 ᠳ᠋ᠦᠩᠰᠢᠭᠤᠷ ᠲᠥᠭᠦᠷᠢᠭ ᠢ ᠳᠠᠶᠢᠴᠢᠯᠠᠪᠠ᠃ ᠶᠡᠷᠦᠩᠬᠡᠶ ᠪᠡᠯᠡ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠲᠤ ᠬᠦᠷᠦᠭᠰᠡᠨ ᠦᠬᠠᠶ ᠶᠢᠨ ᠮᠣᠣᠯ ᠬᠤᠲᠠ ᠶᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ ᠢ ᠯᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠭᠠᠵᠠᠷ ᠰᠣᠩᠭᠤᠬᠤ ᠪᠠᠨ ᠪᠡᠶᠡᠯᠡᠭᠦᠯᠵᠦ᠂ ᠡᠯ᠎ᠡ ᠲᠥᠷᠥᠯ ᠤᠨ ᠠᠷᠠᠯᠵᠢᠶ᠎ᠠ ᠬᠤᠳᠠᠯᠳᠤᠭᠠᠨ ᠤ ᠬᠤᠭᠤᠰᠣᠨ ᠲᠥᠷᠥᠯ ᠲᠡᠮᠳᠡᠭᠲᠦ  52 ᠰᠢᠨ᠎ᠡ ᠪᠠᠷ ᠨᠡᠮᠡᠭᠳᠡᠭᠦᠯᠪᠡ᠃ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠪᠦᠬᠦ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ 560.7 ᠲᠦᠮᠡᠨ ᠲᠥᠭᠦᠷᠢᠭ ᠲᠤ ᠬᠦᠷᠪᠡ᠃ ᠠᠩᠬᠠᠳᠤᠭᠠᠷ ᠬᠤᠭᠤᠴᠠᠭᠠᠨ ᠤ ᠨᠡᠭᠦᠳᠡᠯ ᠤᠨ ᠰᠢᠪᠠᠭᠤ ᠶᠢᠨ ᠤᠯᠠᠷᠢᠯ ᠤᠨ ᠭᠡᠷᠡᠯ ᠵᠢᠷᠤᠭ ᠤᠨ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠎ ᠪᠠᠨ ᠠᠮᠵᠢᠯᠲᠠ ᠲᠠᠢ ᠡᠷᠬᠢᠯᠡᠵᠦ ᠰᠣᠶᠣᠯ ᠵᠢᠭᠤᠯᠴᠢᠯᠠᠯ ᠤᠨ ᠠᠭᠤᠰᠤᠯᠴᠠᠯ ᠨᠢ ᠰᠢᠨ᠎ᠡ ᠠᠮᠢᠵᠢᠷᠠᠯ ᠤᠨ ᠬᠦᠴᠦᠨ ᠢ ᠨᠢ ᠬᠦᠭᠵᠢᠭᠡᠪᠡ᠃ ᠮᠦᠩᠭᠦᠠ ᠭᠦᠢᠯᠭᠡᠭᠡᠨ ᠤ ᠪᠠᠶᠢᠭᠤᠯᠣᠮᠵᠢ ᠶᠢᠨ ᠬᠠᠲᠠᠭᠠᠯᠠᠮᠵᠢ ᠪᠠ ᠵᠢᠭᠡᠯᠠᠯᠭᠡ ᠶᠢᠨ ᠣᠢᠯᠠᠲᠠᠪᠤᠷᠢ ᠳᠣᠰ ᠳᠣᠰ 803.97 ᠳᠦᠩᠰᠢᠭᠤᠷ ᠳᠦᠭᠦᠷᠢᠭ ᠪᠠ 407.11 ᠳᠦᠩᠰᠢᠭᠤᠷ ᠳᠦᠭᠦᠷᠢᠭ ᠲᠤ ᠬᠦᠷᠴᠠᠢ᠃ ᠬᠥᠳᠡᠭᠡ ᠠᠵᠤ ᠠᠬᠤᠢ ᠶᠢᠨ ᠰᠠᠭᠤᠷᠢ ᠶᠢ ᠪᠠᠬᠢᠵᠢᠭᠦᠯᠬᠦ ᠶᠢ ᠨᠢ ᠠᠬᠢᠭᠤᠯᠬᠤ ᠳᠤ ᠠᠩᠬᠠᠷᠤᠯ ᠢᠶᠠᠨ ᠲᠦᠪᠯᠡᠷᠡᠭᠦᠯᠪᠡ᠃ 1.42 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠲᠠᠷᠢᠶᠠᠯᠠᠩ ᠤᠨ ᠬᠥᠭᠵᠢᠯᠲᠡ ᠪᠣᠯᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠨᠢ ᠲᠡᠮᠵᠢᠪᠡ᠃ ᠺᠢᠮᠪᠧᠷᠯᠢ ᠲᠠᠷᠢᠶᠠᠯᠠᠩ ᠤᠨ ᠲᠠᠯᠠᠪᠠᠢ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ 2 ᠥᠪᠡᠷᠲᠡᠭᠡᠨ ᠵᠠᠰᠠᠬᠤ ᠣᠷᠣᠨ ᠤ ᠲᠠᠰ ᠤᠨ ᠲᠥᠷᠥᠯ ᠵᠦᠢᠯ ᠢ ᠪᠡᠶᠡᠯᠡᠭᠦᠯᠵᠦ᠂ ᠽᠢ ᠭᠤᠸᠠᠩ ᠶᠤᠸᠠᠨ 100 ᠮᠥ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠳᠡᠯᠭᠡᠭᠦᠷ ᠢᠶᠠᠨ ᠪᠠᠶᠢᠭᠤᠯᠤᠨ ᠬᠡᠷᠡᠭᠯᠡᠵᠦ᠂ 6000 ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ 11 ᠲᠠᠷᠢᠶᠠᠯᠠᠩ ᠤᠨ ᠲᠥᠷᠥᠯ ᠵᠦᠢᠯ ᠎ ᠢᠶᠠᠨ ᠯᠠᠪᠳᠠᠭᠤᠨ ᠢᠶᠠᠷ ᠳᠥᠯᠭᠢᠨ ᠠᠬᠢᠭᠤᠯᠵᠤ᠂ ᠮᠥᠭᠦ ᠶᠢᠨ ᠡᠪᠡᠰᠦ ᠶᠢ ᠪᠤᠶᠢᠵᠢᠭᠤᠯᠬᠤ ᠲᠤᠷᠰᠢᠯᠲᠠ ᠶᠢᠨ ᠰᠠᠭᠤᠷᠢᠨ ᠭᠠᠵᠠᠷ ᠢ ᠨᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ 42 ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠎ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠪᠡ᠃ 130 ᠮᠦ ᠰᠤᠯᠠ ᠪᠠᠶᠢᠭ᠎ᠠ ᠬᠦᠯᠡᠮᠵᠢ ᠶᠢ ᠠᠮᠢᠯᠠᠭᠤᠯᠵᠤ᠂ 308 ᠮᠦ ᠠᠲᠠᠷᠰᠢᠭᠤᠯᠤᠭᠰᠠᠨ ᠲᠠᠷᠢᠶᠠᠨ ᠭᠠᠵᠠᠷ ᠢᠶᠠᠨ ᠳᠠᠬᠢᠨ ᠬᠠᠭᠠᠯᠪᠤᠷᠢᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠠᠩᠬ᠎ᠠ ᠠᠯᠬᠤᠮ ᠬᠡᠪᠴᠢᠶᠡᠵᠢᠵᠦ᠂ ᠪᠦᠬᠦ ᠲᠤᠭᠤᠷᠢᠭ ᠤᠨ ᠠᠮᠤ ᠪᠤᠳᠠᠭ᠎ᠠ᠂ ᠢᠳᠡᠰᠢᠨ ᠨᠣᠭᠤᠭ᠎ᠠ ᠶᠢᠨ ᠤᠨᠠᠯᠲᠠ ᠲᠤᠰ ᠲᠤᠰ 9458 ᠲᠣᠨ ᠪᠠ 3 ᠲᠦᠮᠡᠨ ᠲᠣᠨ ᠳᠤ ᠬᠦᠷᠴᠦ᠂ ᠦᠵᠦᠮ ᠲᠠᠷᠢᠬᠤ ᠬᠡᠪᠴᠢᠶ᠎ᠡ 1.1 ᠲᠦᠮᠡᠨ ᠮᠦ ᠳᠤ ᠬᠦᠷᠪᠡ᠃    ᠡᠨᠡ ᠨᠢᠭᠡ ᠵᠢᠯ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠪᠢᠳᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠠᠨ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠎ ᠪᠠᠨ ᠵᠠᠰᠠᠭ ᠤᠨ ᠣᠷᠳᠣᠨ ᠤ ᠠᠵᠢᠯ ᠤᠨ ᠳᠤᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠦᠨᠳᠦ ᠨᠣᠴᠢᠲᠠᠢ ᠵᠠᠷᠤᠯᠭ᠎ᠠ ᠠᠴᠠ ᠢᠯᠡᠳᠲᠡ ᠰᠠᠶᠢᠵᠢᠷᠠᠬᠤ ᠲᠡᠶᠢᠰᠢ ᠬᠤᠪᠢᠷᠠᠭᠤᠯᠬᠤ ᠎ ᠪᠠᠨ ᠦᠷᠭᠦᠯᠵᠢᠯᠡᠨ ᠠᠬᠢᠭᠤᠯᠪᠠ᠃ ᠰᠢᠨ᠎ᠡ ᠨᠢᠭᠡ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠨᠢ ᠬᠦᠴᠦᠲᠡᠢ ᠴᠡᠭᠴᠡᠯᠡᠨ ᠰᠠᠶᠢᠵᠢᠷᠠᠭᠤᠯᠵᠤ᠂ ᠱᠠᠯᠠᠪᠳᠠᠭᠤᠯᠤᠨ ᠪᠠᠶᠢᠴᠠᠭᠠᠬᠤ ᠬᠤᠭᠤᠴᠠᠭᠠᠨ ᠳᠤ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠦᠬᠦᠨ ᠢ ᠨᠢ ᠰᠢᠢᠳᠪᠦᠷᠢᠯᠡᠵᠦ ᠳᠠᠭᠤᠰᠬᠠᠪᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠶᠠᠪᠤᠳᠠᠯ︾᠎ ᠢ ᠨᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠭᠤᠷᠬᠠᠢ ᠶᠢᠨ ᠣᠷᠣᠨ ᠤ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ᠃ ᠠᠭᠤᠷᠬᠠᠢ ᠶᠢᠨ ᠭᠠᠯ ᠤᠨ ᠴᠡᠭ ᠢ ᠨᠢ ᠦᠷᠭᠦᠯᠵᠢᠯᠡᠨ ᠬᠥᠳᠡᠯᠦᠩᠭᠦᠢ ᠪᠠᠷ  ᠴᠡᠪᠡᠷᠯᠡᠪᠡ᠃ ᠠᠭᠤᠷᠬᠠᠢ ᠶᠢᠨ ᠦᠢᠯᠡᠰ ᠤᠨ ᠡᠷᠬᠡ ᠶᠢ ᠨᠡᠶᠢᠳᠬᠡᠬᠦ ᠪᠠᠨ ᠯᠠᠪᠳᠠᠭᠤᠨ ᠪᠠᠲᠤᠲᠠᠢ ᠠᠬᠢᠭᠤᠯᠪᠠ᠃7500 ᠲᠦᠮᠡᠨ ᠲᠥᠭᠦᠷᠢᠭ ᠤᠨ ᠪᠡᠯᠡ ᠣᠷᠣᠭᠤᠯᠵᠤ ᠠᠭᠤᠷᠬᠠᠢ ᠶᠢᠨ ᠣᠷᠣᠨ ᠤ ᠵᠠᠮ ᠤᠨ ᠬᠤᠶᠠᠷ ᠬᠠᠵᠠᠭᠤ ᠶᠢᠨ ᠶᠡᠷᠦᠩᠬᠡᠶᠢᠯᠡᠭᠰᠡᠨ ᠴᠢᠨᠠᠷᠲᠠᠢ ᠪᠢᠲᠡᠭᠦᠮᠵᠢᠯᠡᠯ ᠎ ᠢᠶᠠᠨ ᠪᠡᠶᠡᠯᠡᠭᠦᠯᠵᠦ᠂ ᠤᠶᠤᠨᠲᠤ ᠬᠠᠮᠢᠶᠠᠷᠤᠨ ᠡᠵᠡᠮᠳᠡᠬᠦ ᠰᠢᠰᠲ᠋ᠧᠮ ᠢᠶᠠᠨ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ︽ᠲᠠᠷᠠᠬᠠᠢ ᠶᠢ ᠴᠤᠭᠯᠠᠷᠠᠯ ᠪᠣᠯᠭᠠᠨ ᠥᠭᠡᠷᠡᠴᠢᠯᠡᠬᠦ︾ ︽ᠴᠠᠶᠢᠶ᠋ᠢᠦ ᠴᠠᠬᠢᠯᠭᠠᠨ ᠤ ᠦᠭᠡᠷᠡᠴᠢᠯᠡᠯᠲᠡ︾᠂ ︽ᠤᠰᠤᠲᠥ᠋ᠷᠥᠭᠴᠢ ᠶᠢ ᠦᠭᠡᠷᠡᠴᠢᠯᠡᠬᠦ︾ ᠵᠡᠷᠭᠡ ᠪᠣᠬᠢᠷᠲᠤᠯ ᠦᠭᠡᠢ ᠲᠡᠭᠡᠭᠡᠪᠦᠷᠢ ᠶᠢᠨ ᠠᠷᠭ᠎ᠠ ᠮᠠᠶ᠋ᠢᠭ ᠢᠶᠠᠨ ᠶᠡᠬᠡᠪᠡᠷ ᠳᠡᠯᠭᠡᠷᠡᠭᠦᠯᠵᠦ᠂ 1 ᠰᠠᠭᠤᠷᠢ ︵ᠰᠣᠯᠢᠬᠤ︶ ᠴᠠᠬᠢᠯᠭᠠᠨ ᠪᠠᠭᠠᠨ᠎ᠠ ᠪᠠᠨ ᠠᠰᠢᠭᠯᠠᠯᠲᠠ ᠳᠤ ᠣᠷᠣᠭᠤᠯᠵᠤ᠂ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠶᠢ 159 ᠲᠡᠷᠭᠡ ᠳᠡᠯᠭᠡᠷᠡᠭᠦᠯᠦᠨ ᠬᠡᠷᠡᠭᠯᠡᠨ᠎ᠡ᠃ ᠠᠭᠠᠷ ᠮᠠᠨᠳᠠᠯ ᠢ ᠴᠡᠭᠴᠡᠯᠡᠨ ᠵᠠᠰᠠᠬᠤ ᠳᠤ ᠪᠣᠳᠠᠲᠠᠢ ᠶᠢ ᠡᠷᠬᠢᠮᠯᠡᠵᠤ  ᠰᠠᠶᠢᠳᠤᠷ ᠦᠷ᠎ᠡ ᠪᠦᠳᠤᠮᠵᠢ ᠤᠯᠪᠠ᠃ ︽ᠬᠤᠶᠠᠷ ᠶᠡᠬᠡᠲᠡᠶ︾ ᠲᠥᠷᠥᠯ ᠵᠤᠶᠢᠯ ᠢ ᠴᠢᠩᠭ᠎ᠠ ᠬᠢᠵᠠᠭᠠᠷᠯᠠᠵᠤ᠂ ᠨᠢᠭᠡᠴᠢ GDP᠎ ᠶᠢᠨ ᠡᠨᠧᠷᠭᠢ ᠶᠢᠨ ᠬᠤᠷᠣᠭᠳᠠᠯ ᠪᠠ ᠲᠦᠮᠡᠨ ᠲᠥᠭᠦᠷᠢᠭ ᠤᠨ ᠠᠵᠤ ᠤᠶᠢᠯᠡᠤᠡᠪᠤᠷᠢ ᠶᠢᠨ ᠨᠡᠮᠡᠭᠳᠡᠯ ᠥᠷᠲᠡᠭ ᠲᠠᠬᠢ ᠡᠨᠧᠷᠭᠢ ᠶᠢᠨ ᠬᠤᠷᠣᠭᠳᠠᠯ ᠢᠶᠠᠨ ᠦᠷᠭᠦᠯᠵᠢᠯᠡᠨ ᠪᠠᠭᠤᠷᠠᠭᠤᠯᠪᠠ᠃ ᠠᠭᠠᠷ ᠮᠠᠨᠳᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ 24 ᠲᠥᠷᠥᠯ ᠵᠦᠢᠯ᠂ 5 ᠬᠡᠦᠷᠰᠢᠭᠦᠯᠬᠦ ᠠᠵᠤ ᠠᠬᠤᠶᠢᠯᠠᠯ ᠤᠨ VOCs᠎ ᠢ ᠵᠠᠰᠠᠬᠤ ᠢᠨᠵᠧᠨᠧᠷᠢᠩ᠂ 7 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠥᠬᠡᠶ ᠪᠠᠷ ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠦᠬᠦᠨ ᠢ ᠨᠢ ᠪᠡᠶᠡᠯᠡᠭᠦᠯᠵᠦ᠂ 120 ᠪᠢᠲᠡᠭᠦᠮᠵᠢᠯᠡᠭᠰᠡᠨ ᠮᠠᠲ᠋ᠧᠷᠢᠶᠠᠯ ᠤᠨ ᠬᠥᠮᠥᠷᠭᠡ ᠵᠡᠷᠭᠡ ᠲᠣᠭᠤᠰᠣ ᠬᠤᠷᠢᠭᠯᠠᠬᠤ ᠪᠡᠯᠡᠳᠬᠡᠮᠵᠢ ᠪᠠᠨ ᠪᠥᠲᠥᠭᠡᠨ ᠪᠠᠶᠢᠭᠤᠯᠵᠤ᠂ ᠸᠠᠨ ᠴᠧᠨ ᠴᠣᠬᠤᠶ᠂ ᠴᠠᠩ ᠬᠤᠩ ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠦᠢᠯᠡᠳᠪᠦᠷᠢ ᠶᠢᠨ ᠭᠤᠤᠯ ᠴᠣᠭᠴᠠ ᠶᠢᠨ ᠢᠨᠵᠧᠨᠧᠷᠢᠩ ᠢ ᠎ ᠨᠢ 90% ᠪᠡᠶᠡᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠠᠶᠠᠭᠳᠠᠮᠠᠯ ᠬᠡᠶ ᠶᠢ ᠠᠦ᠋ᠲ᠋ᠣ᠋ ᠬᠢᠨᠠᠨ ᠬᠡᠮᠵᠢᠵᠦ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 96%᠎ ᠳᠤ ᠬᠥᠷᠪᠡ᠃ ᠬᠠᠤᠯᠢ ᠪᠤᠰᠤ ᠪᠠᠷ ᠨᠡᠭᠦᠷᠡᠰᠦ ᠲᠤᠬᠢᠷᠠᠭᠤᠯᠬᠤ ᠠᠵᠤ ᠠᠬᠤᠶᠢᠯᠠᠯ ᠢ ᠪᠦᠬᠦ ᠲᠠᠯ᠎ᠠ ᠪᠠᠷ ᠬᠦᠴᠦᠨ ᠦᠭᠡᠢ ᠪᠤᠯᠭᠠᠵᠤ᠂ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠠ ᠪᠤᠬᠢᠷᠲᠤᠯ ᠶᠡᠬᠡᠲᠡᠢ ᠠᠵᠤ ᠠᠬᠤᠶᠢᠯᠠᠯ ᠢ ᠴᠡᠪᠡᠷᠯᠡᠨ ᠴᠡᠭᠴᠡᠯᠡᠵᠦ᠂ 2932 ᠡᠷᠦᠬᠡ ᠴᠡᠪᠡᠷ ᠲᠤᠯᠠᠭᠠᠯᠠᠮᠵᠢ ᠶᠢᠨ ᠦᠭᠡᠷᠡᠴᠢᠯᠡᠨ ᠰᠢᠨᠡᠳᠭᠡᠬᠦ ᠶᠢ ᠬᠡᠷᠡᠭᠵᠢᠭᠦᠯᠵᠦ᠂ ᠪᠦᠬᠦ ᠵᠢᠯ ᠤᠨ ᠬᠤᠲᠠ ᠲᠤᠭᠤᠷᠢᠭ ᠤᠨ ᠤᠷᠴᠢᠨ ᠲᠤᠭᠤᠷᠢᠨ ᠤ ᠴᠡᠪᠡᠷ ᠠᠭᠠᠷ ᠤᠨ ᠴᠢᠨᠠᠷ ᠰᠠᠶᠢᠳᠠᠢ ᠡᠳᠦᠷ ᠤᠨ ᠲᠤᠭ᠎ᠠ 305 ᠡᠳᠦᠷ ᠪᠠᠶᠢᠵᠤ᠂ ᠪᠠᠷᠢᠮᠵᠢᠶ᠎ᠠ ᠳᠤ ᠬᠦᠷᠦᠭᠰᠡᠨ ᠨᠤᠷᠮ᠎ᠠ 83.6% %᠎ ᠳᠤ ᠬᠦᠷᠴᠦ᠂ ᠲᠡᠦᠬᠡ ᠶᠢᠨ ᠬᠠᠮᠤᠭ ᠤᠨ ᠰᠠᠶᠢᠨ ᠬᠢᠷᠢ ᠲᠦᠪᠰᠢᠨ ᠢ ᠨᠢ ᠪᠡᠶᠡᠯᠡᠭᠦᠯᠪᠡ᠃ ᠬᠦᠷᠦᠰᠦ ᠰᠢᠷᠣᠢ ᠶᠢ ᠰᠡᠷᠭᠡᠶᠢᠯᠡᠨ ᠵᠠᠰᠠᠬᠤ ᠠᠵᠢᠯ ᠢᠶᠠᠨ ᠵᠡᠷᠭᠡᠪᠡᠷ ᠬᠢᠪᠡ᠃ ︽ᠭᠤᠣᠯ ᠮᠥᠷᠡᠨ ᠤ ᠳᠠᠷᠤᠭ᠎ᠠ ᠶᠢᠨ ᠳᠦᠷᠢᠮ︾᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠥᠷᠪᠡᠨ ᠰᠠᠮᠠᠭᠤᠨ ᠢ ᠨᠢ ᠭᠦᠨᠵᠡᠭᠡᠶ ᠴᠡᠭᠴᠡᠯᠡᠨ ᠵᠠᠰᠠᠵᠤ᠂ ︽ᠳᠥᠷᠪᠡᠨ ᠤᠰᠤ ᠪᠠᠷ ᠳᠥᠷᠪᠡ ᠶᠢ ᠲᠣᠭᠲᠠᠭᠠᠬᠤ︾ ᠱᠠᠭᠠᠷᠳᠠᠯᠭ᠎ᠠ ᠶᠢ ᠨᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠠᠵᠢᠯ ᠢᠶᠠᠨ ᠥᠷᠨᠢᠭᠦᠯᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠠᠶᠠᠭᠳᠠᠮᠠᠯ ᠤᠰᠤᠨ ᠤ ᠠᠦ᠋ᠲ᠋ᠣ᠋ ᠬᠢᠨᠠᠨ ᠬᠡᠮᠵᠢᠯᠲᠡ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 95%᠎ ᠳᠤ ᠬᠦᠷᠪᠡ᠃ ᠬᠤᠶᠢᠲᠤ ᠮᠣᠷᠢᠨ ᠭᠤᠤ ᠶᠢᠨ ᠭᠤᠤᠯ ᠤᠨ ᠵᠠᠮ ᠢ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠᠨ ᠪᠡᠶᠡᠯᠡᠭᠦᠯᠵᠦ᠂ ᠭᠠᠨᠳᠠᠷᠢ ︵ᠺᠠᠪᠦᠴᠢ ᠭᠤᠤ︶᠎ ᠶᠢᠨ ᠬᠠᠶᠠᠭᠳᠠᠮᠠᠯ ᠡᠯᠡᠰᠦ ᠮᠠᠯᠲᠠᠬᠤ ᠲᠠᠯᠠᠪᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠵᠤ᠂ ᠲᠠᠷᠢᠶᠠᠯᠠᠬᠤ ᠣᠷᠣᠨ ᠤ ᠲᠥᠪᠯᠡᠷᠡᠭᠰᠡᠨ ᠮᠠᠶ᠋ᠢᠭ ᠤᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠤ ᠨᠣᠷᠮ᠎ᠠ 100%᠎ ᠳᠤ ᠬᠥᠷᠪᠡ᠃    ᠡᠨᠡ ᠨᠢᠭᠡ ᠵᠢᠯ ᠳᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠪᠠ᠃ ᠪᠢᠳᠡ ᠪᠠᠶᠢᠭᠤᠯᠬᠤ ᠪᠠ ᠬᠠᠮᠢᠶᠠᠷᠬᠤ ᠎ ᠪᠠᠨ ᠵᠡᠷᠭᠡᠪᠡᠷ ᠴᠢᠬᠤᠯᠠᠴᠢᠯᠠᠬᠤ᠂ ᠳᠣᠲᠣᠷ᠎ᠠ ᠭᠠᠳᠠᠨᠠᠬᠢ ᠶᠢ ᠵᠡᠷᠭᠡ ᠪᠠᠷ ᠵᠠᠰᠠᠬᠤ ᠎ ᠪᠠᠨ ᠪᠠᠷᠢᠮᠲᠠᠯᠠᠵᠤ᠂ ᠣᠳᠣᠬᠠᠨ ᠤ ᠪᠠ ᠠᠯᠤᠰ ᠬᠡᠲᠦ᠂ ᠬᠤᠳᠠ ᠪᠣᠯᠤᠨ ᠬᠥᠳᠡᠭᠡ ᠲᠣᠰᠬᠤᠨ᠂ ᠨᠢᠭᠤᠷ ᠲᠠᠯ᠎ᠠ ᠪᠣᠯᠤᠨ ᠳᠣᠲᠣᠷ ᠲᠠᠯ᠎ᠠ ᠎ ᠪᠠᠨ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠴᠢᠳᠠᠮᠵᠢᠲᠤ ᠲᠥᠬᠦᠭᠡᠷᠦᠮᠵᠢ ᠎ ᠪᠠᠨ ᠲᠡᠭᠦᠯᠳᠡᠷᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠨᠢ ᠰᠠᠶᠢᠵᠢᠷᠠᠭᠤᠯᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠲᠡᠶᠢᠰᠢ ᠤᠷᠤᠭᠰᠢᠯᠠᠭᠤᠯᠬᠤ ᠎ ᠪᠠᠨ ᠠᠬᠢᠭᠤᠯᠪᠠ᠃ ᠬᠤᠳᠠ ᠶᠢᠨ ᠰᠢᠨᠡᠴᠢᠯᠡᠯᠲᠡ ᠪᠠᠨ ᠭᠦᠨᠵᠡᠭᠡᠢ ᠠᠬᠢᠭᠤᠯᠪᠠ᠃ ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ︽ᠨᠠᠢᠮᠠᠨ ᠲᠣᠭᠤᠷᠢᠭ ᠢ ᠬᠠᠮᠲᠤᠪᠠᠷ ᠪᠠᠶᠢᠭᠤᠯᠬᠤ︾ ﹇6︶᠎ ᠎ ᠢᠶᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 47 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ ᠳᠠᠭᠤᠰᠬᠠᠨ᠂ ᠴᠢᠶᠠᠨ ᠭᠠᠩ ᠨᠡᠶᠢᠭᠡᠮ ᠲᠣᠭᠤᠷᠢᠭ ᠢ ᠨᠡᠭᠦᠯᠭᠡᠨ ᠲᠥᠪᠬᠢᠨᠡᠭᠦᠯᠬᠦ ᠲᠦᠷᠦᠯ ᠵᠦᠢᠯ ᠎ ᠢᠶᠠᠨ ᠡᠬᠢᠯᠡᠭᠦᠯᠵᠦ᠂ ᠡᠵᠡᠩᠨᠡᠯᠲᠡ ᠶᠢᠨ ᠴᠢᠨᠠᠷᠲᠠᠢ ᠥᠪᠡᠷᠲᠡᠭᠡᠨ ᠪᠠᠷᠢᠭᠰᠠᠨ 949 ᠡᠷᠦᠬᠡ ᠶᠢ ᠵᠢᠭᠰᠠᠭᠠᠨ ᠪᠠᠶᠢᠴᠠᠭᠠᠵᠤ᠂ ᠨᠤᠷᠠᠬᠤ ᠠᠶᠤᠯᠲᠠᠢ ᠭᠡᠷ ᠪᠠᠶᠢᠰᠢᠩ ᠢ ᠨᠢ ᠴᠡᠭᠴᠡᠯᠡᠨ ᠵᠠᠰᠠᠬᠤ ᠶᠢ ᠡᠮᠬᠢ ᠵᠢᠷᠤᠮ ᠲᠠᠢ ᠠᠬᠢᠭᠤᠯᠵᠤ᠂ ᠣᠷᠣᠨ ᠰᠠᠭᠤᠴᠠ ᠶᠢᠨ ᠣᠷᠴᠢᠨ ᠲᠣᠭᠤᠷᠢᠨ ᠎ ᠢᠶᠠᠨ ᠦᠷᠭᠦᠯᠵᠢᠯᠡᠨ ᠳᠡᠭᠡᠭᠰᠢᠯᠡᠭᠦᠯᠪᠡ᠃ ᠬᠡᠷ ᠪᠠᠶᠢᠰᠢᠩ ᠭᠠᠵᠠᠷ ᠬᠥᠷᠥᠩᠭᠡ ᠶᠢᠨ ︽ᠭᠤᠷᠪᠠᠨ ᠬᠦᠴᠢᠷᠳᠡᠯ︾᠎ ᠤᠨ ᠠᠰᠠᠭᠤᠳᠠᠯ ᠢ ᠨᠢ ᠰᠡᠳᠬᠢᠯ ᠲᠠᠯᠪᠢᠨ ᠰᠢᠢᠤᠡᠪᠤᠷᠢᠯᠡᠵᠤ᠂ ᠵᠢᠩ ᠬᠠᠶ ᠴᠧᠩ ᠵᠢᠶᠠ ᠲᠠᠢ ᠵᠡᠷᠭᠡ 3 ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠲᠥᠷᠥᠯ ᠵᠤᠶᠢᠯ ᠎ ᠢᠶᠠᠨ ᠲᠤᠰᠢᠶᠠᠨ ᠬᠡᠷᠡᠭᠯᠡᠭᠦᠯᠪᠡ᠃ 152 ᠺᠢᠯᠤᠮᠧᠲᠷ ᠤᠨ ᠰᠢᠲᠠᠮᠠᠬᠠᠶ ᠬᠡᠶ ᠶᠢᠨ ᠭᠤᠤᠯ ᠰᠠᠯᠪᠤᠷᠢ ᠱᠤᠭᠤᠮ ᠤᠨ ᠬᠤᠭᠤᠯᠠᠶ ᠶᠢᠨ ᠲᠣᠤᠷ ᠢ ᠥᠭᠡᠷᠡᠴᠢᠯᠡᠬᠦ ᠪᠠ ᠰᠢᠨᠡᠳᠬᠡᠨ ᠥᠭᠡᠷᠡᠴᠢᠯᠡᠬᠦ ᠶᠢ ᠪᠦᠬᠦᠨ ᠢ ᠎ ᠨᠢ ᠪᠡᠶᠡᠯᠡᠭᠦᠯᠵᠦ᠂ 5.86 ᠲᠦᠮᠡᠨ ᠡᠷᠦᠬᠡ ᠰᠠᠭᠤᠭᠠᠯᠢ ᠠᠷᠠᠳ ᠲᠤ ᠰᠢᠲᠠᠮᠠᠬᠠᠶ ᠬᠡᠶ ᠶᠢᠨ ᠮᠡᠷᠭᠡᠵᠢᠯ ᠢᠶᠠᠷ ᠰᠡᠷᠭᠡᠶᠢᠯᠡᠬᠦ ᠲᠥᠬᠦᠭᠡᠷᠦᠮᠵᠢ ᠤᠭᠰᠠᠷᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠪᠠ᠃ ᠠᠷᠠᠳ ᠤᠨ ᠵᠠᠮ᠂ ᠰᠢᠨᠬᠤᠸᠠ ᠵᠡᠭᠡᠯᠢ ᠵᠡᠷᠭᠡ ᠬᠤᠲᠠ ᠶᠢᠨ ᠶᠠᠪᠤᠳᠠᠯ ᠤᠨ ᠵᠠᠮ ᠢ 11.5  ᠺᠢᠯᠤᠮᠧᠲᠷ ᠦᠭᠡᠷᠡᠴᠢᠯᠡᠨ ᠵᠠᠰᠠᠵᠤ᠂ 11 ᠺᠢᠯᠤᠮᠧᠲᠷ ᠤᠨ ᠪᠣᠷᠣᠭᠠᠨ ᠤ ᠪᠣᠬᠢᠷᠲᠤᠯ ᠤᠨ ᠬᠤᠭᠤᠯᠠᠶ ᠶᠢᠨ ᠲᠣᠤᠷ ᠢ ᠥᠭᠡᠷᠡᠴᠢᠯᠡᠨ ᠥᠷᠭᠡᠳᠬᠡᠨ ᠪᠠᠶᠢᠭᠤᠯᠵᠤ᠂ ᠬᠤᠭ ᠨᠣᠪᠰᠢ ᠶᠢᠨ ᠰᠢᠮᠡᠳᠦᠨ ᠱᠦᠭᠦᠬᠦ ᠰᠢᠩᠭᠡᠨ ᠢ ᠰᠢᠢᠳᠪᠦᠷᠢᠯᠡᠬᠦ ᠲᠥᠷᠥᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠨ᠂ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ᠂ ᠴᠡᠪᠡᠷ ᠡᠨᠧᠷᠭᠢ ᠶᠢᠨ ᠥᠭᠡᠷᠡᠴᠢᠯᠡᠯᠲᠡ ᠪᠠᠨ ᠯᠠᠪᠳᠠᠭᠤᠨ ᠢᠶᠠᠷ ᠳᠡᠯᠭᠡᠷᠡᠭᠦᠯᠪᠡ᠃ ︽ᠪᠢᠴᠢᠯ︾ ᠴᠡᠴᠡᠷᠯᠢᠭ ᠢ 5 ᠰᠢᠨ᠎ᠡ ᠪᠠᠷ ᠪᠠᠶᠢᠭᠤᠯᠵᠤ᠂ ︽ᠬᠥᠭᠦᠷᠭᠡᠨ ᠬᠥᠨᠳᠡᠢ︾᠎ ᠶᠢᠨ ᠰᠣᠶᠣᠯ ᠢ 6 ᠴᠣᠭᠴᠠᠯᠠᠵᠤ᠂ 33.86 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠤᠯᠲᠠ ᠶᠢ ᠰᠢᠨ᠎ᠡ ᠪᠠᠷ ᠨᠡᠮᠡᠭᠳᠡᠭᠦᠯᠪᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ︽ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾᠎ ᠎ ᠪᠠᠨ ᠲᠣᠭᠲᠠᠭᠠᠨ᠂ ︽ᠵᠠᠰᠠᠮᠠᠯ ᠵᠠᠮ ᠤᠨ ᠠᠯᠪᠠᠯᠠᠬᠤ︾ ᠠᠵᠢᠯ ᠢᠶᠠᠨ ᠪᠠᠶᠢᠩᠭᠤᠵᠢᠭᠤᠯᠤᠨ ᠥᠷᠨᠢᠭᠦᠯᠵᠦ᠂ ᠬᠤᠲᠠ ᠶᠢᠨ ᠲᠣᠭᠤᠷᠢᠭ ᠤᠨ ᠬᠤᠲᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠢᠶᠠᠨ ᠨᠠᠩ ᠵᠢᠷᠤᠮᠵᠢᠭᠤᠯᠪᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠷ ᠭᠠᠷᠳᠠᠴᠠ ᠪᠣᠯᠭᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠷᠡᠭᠦᠯ ᠡᠩᠬᠡ ᠬᠠᠶᠢᠷᠤᠪ ᠤᠨ ᠲᠣᠬᠤᠶ ᠶᠢᠨ ᠠᠵᠢᠯᠯᠠᠭ᠎ᠠ ᠪᠠᠨ ᠠᠬᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠬᠡᠷᠡᠭᠵᠢᠭᠦᠯᠪᠡ᠃ 426 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠠᠷᠢᠶᠠᠯᠠᠬᠤ ᠣᠷᠣᠨ ᠤ ᠲᠤᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢᠶᠠᠨ ᠦᠨᠡᠨᠬᠦ ᠰᠠᠢᠵᠢᠷᠠᠭᠤᠯᠪᠠ᠃ 200 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠲᠠᠷᠢᠶᠠᠯᠠᠬᠤ ᠣᠷᠣᠨ ᠤ ᠤᠰᠤ ᠬᠠᠩᠭᠠᠬᠤ ᠬᠤᠭᠤᠯᠠᠶ ᠶᠢᠨ ᠲᠣᠤᠷ ᠢ 4.6 ᠺᠢᠯᠤᠮᠧᠲᠷ ᠰᠢᠨ᠎ᠡ ᠪᠠᠷ ᠪᠠᠶᠢᠭᠤᠯᠵᠤ᠂ ᠰᠡᠯᠪᠢᠨ ᠵᠠᠰᠠᠪᠠ︔ ᠲᠠᠷᠢᠶᠠᠯᠠᠬᠤ ᠣᠷᠣᠨ᠂ ᠬᠦᠷᠢᠶᠡᠯᠡᠩ ᠲᠣᠭᠤᠷᠢᠭ ᠤᠨ ᠵᠠᠰᠠᠮᠠᠯ ᠵᠠᠮ ᠢ 11.92 ᠺᠢᠯᠤᠮᠧᠲᠷ ᠰᠡᠯᠪᠢᠨ ᠵᠠᠰᠠᠵᠤ᠂  ᠲᠤᠸᠠᠨ ᠵᠢᠶᠧ ᠰᠢᠨ᠎ᠡ ᠲᠣᠰᠬᠤᠨ᠂ ᠸᠠᠩ ᠶᠤᠸᠠᠨ ᠳ᠋ᠢ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠨᠢ ᠴᠡᠭᠴᠡᠯᠡᠨ ᠰᠠᠶᠢᠵᠢᠷᠠᠭᠤᠯᠬᠤ ︽ᠡᠷᠭᠢᠨ ᠬᠠᠷᠠᠬᠤ︾ ᠰᠢᠯᠭᠠᠨ ᠠᠪᠬᠤ ᠪᠠᠷᠢᠮᠵᠢᠶ᠎ᠠ ᠳᠤ ᠬᠦᠷᠴᠦ᠂ ᠴᠡᠭᠡᠯ ᠠᠭᠤᠯᠠ ᠪᠠᠯᠭᠠᠰᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ ᠶᠢ ᠡᠭᠦᠳᠦᠨ ᠪᠠᠶᠢᠭᠤᠯᠵᠤ᠂ ᠲᠤᠸᠠᠨ ᠵᠢᠶᠧ ᠰᠢᠨ᠎ᠡ ᠲᠣᠰᠬᠤᠨ᠂ ᠰᠢᠨ ᠳ᠋ᠢ ᠲᠣᠰᠬᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠪᠠᠷ ᠰᠣᠩᠭᠤᠭᠳᠠᠪᠠ᠃      ᠡᠨᠠ ᠨᠢᠭᠡ ᠵᠢᠯ ᠳᠤ ᠠᠷᠠᠣᠠ ᠤᠨ ᠠᠮᠢᠲᠣᠷᠠᠯ ᠨᠠᠶᠢᠭᠡᠮ ᠤᠨ ᠣᠢᠢᠯᠠᠰ ᠪᠦᠭᠦ ᠲᠠᠯ᠎ᠠ ᠪᠠᠷ ᠲᠠᠪᠰᠢᠬᠰᠠᠨ ᠪᠠᠶᠢᠨ᠎ᠠ ᠃ ᠪᠢᠳᠡ ᠠᠷᠠᠳ ᠲᠦᠮᠡᠨ ᠢ ᠳᠡᠭᠡᠳᠦᠯᠡᠬᠦ᠂ ᠴᠢᠳᠠᠯ ᠤᠨ ᠢᠶᠠᠨ ᠬᠢᠷᠢ ᠪᠠᠷ ᠬᠢᠬᠦ᠂ ᠪᠦᠬᠦ ᠬᠦᠴᠦᠨ ᠢᠶᠠᠷ ᠢᠶᠠᠨ ᠴᠢᠷᠮᠠᠶᠢᠬᠤ ᠶᠢ ᠪᠠᠷᠢᠮᠲᠠᠯᠠᠵᠤ᠂ ᠬᠢᠵᠠᠭᠠᠷ ᠲᠠᠢ ᠡᠳ᠋ ᠤᠨ ᠬᠦᠴᠦᠨ ᠢ ᠢᠮᠠᠭᠲᠠ ᠠᠷᠠᠳ ᠤᠨ ᠠᠮᠢᠳᠤᠷᠠᠯ ᠲᠡᠶᠢᠰᠢ ᠬᠡᠯᠪᠠᠶᠢᠯᠭᠡᠵᠦ᠂ ᠪᠦᠬᠦ ᠲᠤᠭᠤᠷᠢᠭ ᠤᠨ ᠠᠷᠠᠳ ᠤᠨ ᠠᠮᠢᠳᠤᠷᠠᠯ ᠤᠨ ᠦᠢᠯᠡᠰ ᠤᠨ ᠨᠠᠢᠮᠠᠨ ᠵᠦᠢᠯ ᠤᠨ ᠵᠠᠷᠤᠯᠭ᠎ᠠ 22.12 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 75.92%᠎ ᠢ ᠨᠢ ᠡᠵᠡᠯᠡᠪᠡ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠪᠠ᠃ ᠪᠥᠬᠦ ᠵᠢᠯ ᠳᠤ 2 ᠲᠦᠮᠡ ᠭᠠᠷᠤᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠬᠤᠲᠠ ᠪᠠᠯᠭᠠᠰᠤᠨ ᠤ 2070 ᠬᠥᠮᠦᠨ ᠳᠤ ᠰᠢᠨ᠎ᠡ ᠪᠠᠷ ᠠᠵᠢᠯ ᠣᠯᠭᠤᠵᠤ᠂ 8044 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠵᠢᠭᠡᠯᠡᠯᠭᠡ ᠲᠠᠯᠪᠢᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠪᠠᠶᠢᠭᠠᠳ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠯᠠ ᠮᠥᠩᠭᠦ 2000 ᠭᠠᠷᠤᠶ ᠲᠦᠮᠡᠨ ᠲᠥᠭᠦᠷᠢᠭ ᠲᠠᠷᠬᠠᠭᠠᠵᠤ᠂ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠲᠤ ᠳᠠᠬᠢᠨ ᠠᠵᠢᠯ ᠣᠯᠭᠤᠬᠤ ᠪᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠭᠰᠠᠨ ᠬᠥᠮᠦᠨ ᠤ ᠲᠤᠭ᠎ᠠ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠶᠢ ︽ᠬᠥᠳᠡᠯᠦᠩᠭᠦᠶ ᠪᠠᠷ ᠪᠦᠬᠦᠨ ᠢ ᠴᠡᠪᠡᠷᠯᠡᠬᠦ︾᠎ ᠶᠢ ᠪᠡᠶᠡᠯᠡᠭᠦᠯᠪᠡ᠃ ᠬᠤᠲᠠ ᠪᠠᠯᠭᠠᠰᠤᠨ ᠤ ᠳᠠᠨ᠋ᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 5%᠎ ᠠᠴᠠ ᠳᠣᠭᠤᠭᠰᠢ ᠪᠠᠶᠢᠯᠭᠠᠨ᠎ᠠ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢᠨ ᠪᠠᠷᠢᠮᠵᠢᠶ᠎ᠠ ᠶᠢ ᠰᠠᠷ᠎ᠠ ᠪᠦᠷᠢ 860 ᠲᠥᠭᠦᠷᠢᠭ ᠪᠣᠯᠭᠠᠨ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠎ ᠢᠶᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶᠎ ᠢ 18 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠡᠯ᠎ᠡ ᠲᠥᠷᠥᠯ ᠤᠨ ᠬᠦᠴᠢᠷᠳᠡᠯ ᠤᠨ ᠨᠥᠬᠦᠪᠥᠷᠢ ᠶᠢ 1960.92 ᠲᠦᠮᠡᠨ ᠲᠥᠭᠦᠷᠢᠭ ᠣᠯᠭᠤᠵᠤ᠂ 677 ᠭᠠᠷᠤᠶ ᠲᠦᠮᠡᠨ ᠲᠥᠭᠦᠷᠢᠭ ᠤᠨ ᠨᠥᠬᠦᠪᠥᠷᠢ ᠥᠭᠴᠦ᠂ 5412 ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠬᠠᠶᠢᠷ᠎ᠡ ᠬᠠᠯᠠᠮᠵᠢ ᠶᠢᠨ ᠨᠡᠭᠦᠷᠡᠰᠦ ᠲᠦᠭᠡᠭᠡᠵᠦ᠂ ᠠᠷᠠᠳ ᠤᠨ ᠠᠮᠢᠳᠤᠷᠠᠯ ᠤᠨ ᠦᠨᠳᠦᠰᠦᠨ ᠬᠤᠷᠢᠭ᠎ᠠ ᠱᠤᠭᠤᠮ ᠢ ᠨᠢ ᠪᠠᠬᠢᠯᠡᠪᠡ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠨ ᠪᠠᠷᠢᠮᠳᠠᠯᠠᠪᠠ᠃ ᠠᠷᠪᠠᠨ ᠲᠠᠪᠤᠳᠤᠭᠠᠷ ᠬᠡᠤᠬᠡᠳ ᠤᠨ ᠴᠡᠴᠡᠷᠯᠢᠭ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠠᠷᠪᠠᠨ ᠨᠢᠭᠡᠳᠦᠭᠡᠷ ᠳᠤᠮᠳᠠᠳᠤ ᠰᠤᠷᠭᠠᠭᠤᠯᠢ᠂ ᠪᠢᠨ ᠾᠧ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠡᠬᠢᠯᠡᠨ ᠪᠠᠶᠢᠭᠤᠯᠵᠤ᠂ ᠯᠢᠨ ᠶᠢᠨ ᠪᠠᠭ᠎ᠠ ᠰᠤᠷᠭᠠᠭᠤᠯᠢ ᠶᠢᠨ ᠭᠠᠵᠠᠷ ᠰᠣᠩᠭᠤᠬᠤ ᠲᠥᠯᠥᠪᠵᠢᠭᠦᠯᠭᠡ ᠪᠠᠨ ᠪᠡᠶᠡᠯᠡᠭᠦᠯᠪᠡ᠃ 2000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠤᠷᠭᠠᠭᠤᠯᠢ ᠶᠢᠨ ᠬᠦᠷᠢᠶᠡᠨ ᠤ ᠬᠢᠨᠠᠨ ᠡᠵᠡᠮᠳᠡᠬᠦ᠂ ᠵᠢᠭᠠᠨ ᠰᠤᠷᠭᠠᠬᠤ ᠲᠥᠬᠦᠭᠡᠷᠦᠮᠵᠢ ᠪᠠᠨ ᠰᠢᠨᠡᠳᠬᠡᠨ ᠲᠣᠬᠢᠷᠠᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠴᠢᠨᠡᠷ ᠰᠠᠶᠢᠳᠡᠢ ᠰᠣᠷᠭᠠᠨ ᠬᠦᠮᠦᠵᠢᠯ ᠤᠨ ᠡᠬᠢ ᠪᠠᠶᠠᠯᠢᠭ ᠢᠶᠠᠨ ᠡᠮᠬᠢᠯᠡᠨ ᠨᠡᠶᠢᠯᠡᠬᠦᠯᠵᠦ᠂ ᠪᠦᠯᠦᠭᠵᠢᠬᠦᠯᠥᠨ ᠰᠣᠷᠭᠠᠭᠤᠯᠢ ᠡᠷᠬᠢᠯᠡᠬᠦ ᠪᠠᠨ ᠬᠦᠨᠵᠡᠭᠡᠢ ᠠᠬᠢᠭᠤᠯᠵᠦ᠂ ᠨᠡᠶᠢᠭᠡᠮ ᠨᠡᠶᠢᠲᠡ ᠳᠤ ᠬᠠᠨᠳᠣᠭᠤᠯᠥᠨ 113 ᠪᠠᠭᠰᠢ ᠠᠵᠢᠯᠳᠡᠨ ᠡᠯᠰᠡᠪᠡ᠃ ︽ᠬᠤᠶᠠᠷ ᠢ ᠬᠦᠩᠭᠡᠷᠡᠭᠦᠯᠬᠦ︾ ᠠᠵᠢᠯ ᠪᠣᠳᠠᠲᠤ ᠦᠷ᠎ᠡ ᠪᠦᠲᠦᠮᠵᠢ ᠤᠯᠪᠠ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠦᠷᠭᠦᠯᠵᠢᠯᠡᠨ ᠲᠡᠳᠭᠦᠵᠦ᠂ ᠦᠬᠠᠢ ᠶᠢᠨ ᠾᠧᠩ ᠱᠢ ᠳᠤᠮᠳᠠᠳᠤ ᠰᠤᠷᠭᠠᠭᠤᠯᠢ ᠶᠢᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠵᠢᠯ ᠢᠶᠠᠨ ᠡᠬᠢᠯᠡᠭᠦᠯᠪᠡ᠃ ᠡᠮᠴᠢᠯᠡᠭᠡᠨ ᠤ ᠠᠪᠤᠷᠠᠨ ᠵᠠᠰᠠᠬᠤ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ 1.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠭᠤᠤᠯ ᠴᠣᠭᠴᠠ ᠶᠢᠨ ᠠᠵᠢᠯ ᠢ ᠳᠠᠭᠤᠰᠬᠠᠵᠤ᠂ ᠯᠢᠨ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ︔ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠨᠡᠯᠭᠡ ᠶᠢᠨ ᠬᠤᠯᠪᠣᠭᠠᠯᠠᠬᠤ︾᠎ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠪᠠᠨ ᠨᠠᠩ ᠲᠡᠩᠴᠡᠭᠦᠷᠢᠲᠡᠶ ᠪᠣᠯᠭᠠᠪᠠ᠃ ᠰᠣᠶᠣᠯ ᠲᠠᠮᠢᠷ ᠤᠨ ᠦᠢᠯᠡᠰ ᠥᠷᠨᠢᠨ ᠬᠥᠭᠵᠢᠪᠡ᠃ ᠫᠢᠩᠫᠠᠩ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ᠬᠤᠲᠠ ᠶᠢᠨ ᠴᠢᠭᠯᠡᠯᠲᠦ ᠤᠷᠤᠯᠳᠤᠭᠠᠨ᠂ ᠫᠢᠸᠤ᠋ ᠶᠢᠨ ᠳᠠᠭᠤᠤ ᠬᠥᠭᠵᠢᠮ ᠤᠨ ᠨᠠᠶᠢᠷ ᠠᠮᠵᠢᠯᠲᠠ ᠲᠠᠢ ᠶᠠᠪᠤᠭᠳᠠᠪᠠ᠃ ︽ᠡᠵᠢ ᠭᠤᠤᠯ ᠤᠨ ᠠᠶᠠᠯᠠᠯ︾ ᠮᠠᠷᠠᠽᠤᠨ ᠤᠷᠤᠯᠳᠤᠭᠠᠨ ᠤ ᠵᠠᠮ ᠢᠶᠠᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ︽ᠱᠠᠨ ᠾᠧ ᠯᠢᠶᠠᠨ ᠴᠧᠩ ᠡᠷᠡᠭᠦᠯ ᠮᠡᠨᠳᠦ ᠶᠢᠨ ᠶᠠᠪᠠᠭᠠᠨ ᠵᠠᠮ︾ ᠲᠥᠯᠥᠪᠵᠢᠭᠦᠯᠭᠡ ᠪᠠᠨ ᠪᠡᠶᠡᠯᠡᠭᠦᠯᠵᠦ᠂ ᠤᠨᠴᠠᠯᠢᠬᠳᠤ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠠᠩᠬ᠎ᠠ ᠠᠯᠬᠤᠮ ᠪᠠᠳᠠᠷᠠᠩᠭᠤᠶ ᠪᠣᠯᠪᠠ᠃    ᠡᠨᠡ ᠨᠢᠭᠡ ᠵᠢᠯ ᠳᠤ ᠥᠭᠡᠷᠡᠴᠢᠯᠡᠯᠲᠡ ᠬᠥᠭᠵᠢᠯᠲᠡ ᠶᠢᠨ ᠠᠮᠢᠵᠢᠷᠠᠯ ᠤᠨ ᠬᠦᠴᠦᠨ ᠢᠶᠠᠨ ᠪᠦᠲᠦᠮᠵᠢᠲᠡᠶ ᠬᠥᠭᠵᠢᠭᠡᠪᠡ᠃ ᠪᠢᠳᠡ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠵᠤ᠂ ᠥᠭᠡᠷᠡᠴᠢᠯᠡᠯᠲᠡ ᠪᠠᠨ ᠠᠳᠬᠤᠬᠤ᠂ ᠣᠷᠴᠢᠨ ᠲᠣᠭᠤᠷᠢᠨ ᠎ ᠢᠶᠠᠨ ᠰᠢᠯᠢᠳᠡᠭᠵᠢᠭᠦᠯᠬᠦ᠂ ᠰᠢᠨ᠎ᠡ ᠶᠢ ᠡᠭᠦᠳᠬᠦ ᠶᠢ ᠡᠷᠢᠯᠬᠢᠯᠡᠬᠦ ᠎ ᠪᠠᠨ ᠪᠠᠷᠢᠮᠲᠠᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠎ ᠪᠠᠨ ᠴᠢᠩᠭ᠎ᠠ ᠠᠳᠬᠤᠪᠠ᠃ ᠤᠯᠤᠰ ᠤᠨ ᠥᠮᠴᠢᠯᠡᠯ ᠤᠨ ᠠᠵᠤ ᠠᠬᠤᠢᠯᠠᠯ ᠤᠨ ᠥᠭᠡᠷᠡᠴᠢᠯᠡᠯᠲᠡ ᠶᠢᠨ ᠡᠭᠦᠷᠭᠡ ᠤᠷᠤᠭᠰᠢᠲᠠᠢ ᠲᠡᠭᠦᠰᠪᠡ᠃ 61 ᠵᠦᠢᠯ ᠤᠨ ᠦᠭᠡᠷᠡᠴᠢᠯᠡᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠷᠢᠰᠦᠯᠳᠦᠬᠦ ᠬᠦᠴᠦᠨ ᠲᠠᠰᠤᠷᠠᠯᠲᠠ ᠦᠭᠡᠢ ᠴᠢᠩᠭᠠᠷᠠᠵᠤ᠂ ᠬᠦᠭᠵᠢᠯᠲᠡ ᠶᠢᠨ ᠴᠢᠨᠠᠷ ᠴᠢᠨᠰᠠᠭ᠎ᠠ ᠤᠯᠠᠮ ᠨᠢᠭᠡ ᠠᠯᠬᠤᠮ ᠳᠡᠭᠡᠭᠰᠢᠯᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠨ ᠰᠢᠯᠢᠳᠡᠭᠵᠢᠭᠦᠯᠦᠨ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠣᠭᠤᠷᠢᠨ ᠪᠠᠢᠴᠠᠭᠠᠬᠤ ᠠᠵᠢᠯ ᠤᠨ ᠬᠠᠷᠢᠭᠤ ᠲᠤᠰᠭᠠᠭᠰᠠᠨ ᠠᠰᠠᠭᠤᠳᠠᠯ ᠢ ᠨᠢ ᠲᠦᠷᠭᠡᠨ ᠴᠡᠭᠴᠡᠯᠡᠨ ᠰᠠᠢᠵᠢᠷᠠᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠣᠯᠭᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ᠨᠢᠭᠡ ᠶᠠᠪᠤᠳᠠᠯ ᠢ ᠨᠢᠭᠡ ᠤᠳᠠᠭ᠎ᠠ ᠭᠦᠢᠴᠡᠳᠭᠡᠬᠦ︾ ︽ᠶᠡᠷᠦᠩᠬᠡᠶᠢᠯᠡᠭᠰᠡᠨ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠵᠡᠷᠭᠡ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ 1317 ᠵᠦᠢᠯ ᠤᠨ ᠦᠢᠯᠡᠴᠢᠯᠡᠭᠡᠨ ᠤ ᠵᠦᠢᠯᠡᠰ ᠤᠨ ᠠᠮᠠᠯᠠᠯᠲᠠ ᠶᠢᠨ ᠴᠠᠭ ᠤᠨ ᠬᠢᠵᠠᠭᠠᠷ ᠢ 86.03%᠎ ᠪᠠᠷ ᠪᠣᠭᠤᠨᠢᠰᠬᠠᠵᠤ᠂ ᠳᠠᠷᠤᠶ ᠰᠢᠢᠳᠪᠦᠷᠢᠯᠡᠭᠰᠡᠨ ᠬᠡᠷᠡᠭ ᠤᠨ ᠬᠠᠮᠤᠷᠬᠤ ᠬᠡᠪᠴᠢᠶ᠎ᠡ ᠨᠢ 72.67%᠎ ᠳᠤ ᠬᠦᠷᠴᠦ᠂ 98.03%᠎ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠭᠡᠬᠦ ᠎ ᠪᠠᠨ ᠪᠡᠶᠡᠯᠡᠭᠦᠯᠪᠡ᠃ ᠠᠵᠤ ᠠᠬᠤᠶᠢᠯᠠᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ︽ᠰᠠᠭᠠᠳ ᠥᠬᠡᠶ ᠨᠡᠪᠲᠡᠷᠡᠬᠦ ᠵᠠᠮ︾᠎ ᠢ ᠨᠢ ᠨᠡᠭᠡᠭᠡᠵᠦ᠂ ᠤᠷᠢᠳᠴᠢᠯᠠᠨ ᠦᠢᠯᠡᠴᠢᠯᠡᠬᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠨᠠᠷᠢᠯᠢᠭ ᠣᠨᠣᠴᠠᠲᠠᠶ ᠪᠠᠷ ᠦᠢᠯᠡᠴᠢᠯᠡᠬᠦ ᠴᠢᠳᠠᠪᠤᠷᠢ ᠪᠠᠨ ᠢᠯᠡᠳᠲᠡ ᠴᠢᠩᠭᠠᠷᠠᠭᠤᠯᠪᠠ᠃ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 3000 ᠭᠠᠷᠤᠢ ᠰᠢᠨ᠎ᠡ ᠪᠠᠷ ᠨᠡᠮᠡᠭᠳᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠎ ᠪᠠᠨ ᠢᠯᠡᠳᠲᠡ ᠳᠡᠭᠡᠭᠰᠢᠯᠡᠭᠦᠯᠪᠡ᠃ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ 4.01 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠳᠠ ᠶᠢᠨ ᠲᠡᠷᠢᠭᠦᠨ ᠳᠤ ᠣᠷᠣᠵᠤ᠂ ᠪᠦᠦ ᠬᠤᠸᠠ ᠸᠠᠨ ᠴᠧᠨ ︽2022 ᠣᠨ ᠤ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠪᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ︾᠎ ᠢᠶᠠᠷ ᠦᠨᠡᠯᠡᠭᠳᠡᠵᠤ᠂ ᠪᠣᠣ ᠭᠠᠩ ᠸᠠᠨ ᠲᠧᠩ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠦᠢᠯᠡᠳᠪᠦᠷᠢ ᠪᠠ ᠪᠣᠬᠢᠷᠲᠤᠯ ᠦᠭᠡᠢ ᠵᠢᠷᠤᠭ ᠲᠥᠯᠥᠪᠯᠡᠭᠡ ᠶᠢᠨ ᠪᠦᠲᠦᠭᠡᠭᠳᠡᠬᠦᠨ ᠢ ᠨᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠤᠨ ᠪᠡᠯᠡ ᠮᠥᠩᠭᠦ᠂ ᠲᠤᠭᠤᠷᠢᠭ ᠤᠨ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠮᠥᠩᠭᠦ ᠶᠢ ᠨᠡᠶᠢᠳᠡ 3044 ᠲᠦᠮᠡᠨ ᠲᠥᠭᠦᠷᠢᠭ ᠲᠠᠷᠬᠠᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢᠶᠠᠨ ᠲᠠᠰᠤᠷᠠᠯᠲᠠ ᠦᠭᠡᠢ ᠬᠥᠭᠵᠢᠭᠡᠵᠡᠢ᠃      ᠡᠨᠠ ᠨᠢᠭᠡ ᠵᠢᠯ ᠳᠤ ᠨᠠᠶᠢᠭᠡᠮ ᠤᠨ ᠶᠡᠭᠡ ᠲᠠᠯ᠎ᠠ ᠡᠶ᠎ᠡ ᠵᠣᠭᠢᠴᠠᠯ ᠪᠠ ᠳᠣᠬᠲᠠᠭᠤᠠ ᠪᠠᠶᠢᠲᠠᠯ ᠎ ᠢ ᠨᠢ ᠪᠠᠲᠣᠯᠠᠪᠠ᠃ ᠪᠢᠳᠡ ᠲᠣᠭᠲᠠᠭᠤᠨ ᠪᠠᠶᠢᠯᠭᠠᠬᠤ ᠎ ᠪᠠᠨ ᠲᠡᠷᠢᠭᠦᠨ ᠳᠤ ᠲᠠᠯᠪᠢᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠎ ᠪᠠᠨ ᠪᠠᠷᠢᠮᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠎ ᠪᠠᠨ ᠪᠠᠳᠤᠯᠠᠪᠠ᠃ ᠠᠵᠤ ᠠᠬᠤᠶᠢᠯᠠᠯ ᠤᠨ ᠳᠠᠷᠤᠭᠠᠰᠤ ᠶᠢ ᠨᠢ ᠬᠥᠩᠭᠡᠷᠡᠭᠦᠯᠬᠦ ᠎ ᠪᠠᠨ ᠨᠠᠷᠢᠯᠢᠭ ᠨᠠᠶᠢᠳᠠᠪᠤᠷᠢᠵᠢᠭᠤᠯᠪᠠ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠦᠬᠠᠶ ᠬᠤᠲᠠ ᠶᠢᠨ ᠲᠣᠭᠲᠠᠭᠤᠨ ᠶᠡᠭᠡ ᠬᠡᠪᠴᠢᠶᠡᠨ ᠤ ᠲᠥᠷᠥ ᠶᠢᠨ ᠪᠣᠳᠣᠯᠭ᠎ᠠ ᠪᠣᠯᠤᠨ ᠦᠷᠭᠦᠯᠵᠢᠯᠡᠯ ᠲᠥᠷᠥ ᠶᠢᠨ ᠪᠣᠳᠣᠯᠭ᠎ᠠ ᠎ ᠪᠠᠨ ᠣᠨᠣᠪᠴᠢᠲᠠᠶ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ 134.98 ᠳ᠋ᠦᠩᠰᠢᠭᠤᠷ ᠲᠥᠭᠦᠷᠢᠭ ᠲᠠᠯᠪᠢᠵᠤ᠂ ᠭᠠᠶᠢᠯᠢ ᠰᠦᠢᠳᠬᠡᠯ ᠢ 16 ᠳ᠋ᠦᠩᠰᠢᠭᠤᠷ ᠲᠥᠭᠦᠷᠢᠭ ᠢ ᠳᠠᠪᠠᠵᠤ᠂ ᠠᠵᠤ ᠠᠬᠤᠶᠢᠯᠠᠯ ᠤᠨ ᠤᠷᠤᠭᠰᠢᠯᠠᠯᠲᠠ ᠳᠤ ᠬᠦᠴᠦᠨ ᠨᠡᠮᠡᠷᠢᠯᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠎ ᠢᠶᠠᠨ ᠦᠷᠭᠦᠯᠵᠢᠯᠡᠨ ᠪᠠᠲᠤᠳᠬᠠᠨ᠎ᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠦᠷᠭᠦᠯᠵᠢᠯᠡᠨ ᠳᠡᠯᠭᠡᠷᠡᠭᠦᠯᠵᠦ᠂ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠲᠠᠰᠤᠷᠠᠯᠲᠠ ᠥᠬᠡᠶ ᠵᠢᠷᠤᠮᠵᠢᠭᠤᠯᠤᠨ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠨᠢ ᠤᠯᠠᠮ ᠨᠢᠭᠡ ᠠᠯᠬᠤᠮ ᠪᠠᠬᠢᠵᠢᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠠᠷᠢᠯᠢᠭ ᠣᠨᠣᠴᠠᠲᠠᠶ ᠶᠠᠪᠤᠭᠳᠠᠵᠤ ᠪᠠᠶᠢᠨ᠎ᠠ᠃ ᠬᠢᠵᠢᠭ ᠤᠨ ᠪᠠᠶᠢᠳᠠᠯ ᠢ ᠦᠳᠲᠡᠷ ᠲᠦᠷᠭᠡᠨ ᠡᠷᠡᠰ ᠰᠢᠭᠤᠷᠬᠠᠢ ᠪᠠᠷ ᠰᠢᠢᠳᠪᠦᠷᠢᠯᠡᠵᠦ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠡᠮᠬᠢ ᠵᠢᠷᠤᠮ ᠲᠠᠢ ᠰᠡᠷᠭᠦᠭᠡᠵᠦ᠂ ᠭᠤᠣᠯᠳᠠᠯᠭ᠎ᠠ ᠲᠠᠢ ᠪᠥᠭᠡᠮ ᠬᠦᠴᠢᠯ ᠤᠨ ᠪᠠᠶᠢᠴᠠᠭᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ ᠨᠥᠭᠡᠴᠡ ᠶᠢ ᠴᠢᠩᠭᠠᠳᠬᠠᠵᠤ᠂ ᠤᠯᠠᠨ ᠲᠦᠮᠡᠨ᠂ ᠠᠵᠤ ᠠᠬᠤᠶᠢᠯᠠᠯ ᠤᠨ ᠠᠮᠢᠳᠤᠷᠠᠯ ᠦᠢᠯᠡᠳᠪᠦᠷᠢᠯᠡᠯ ᠤᠨ ᠬᠡᠷᠡᠭᠴᠡᠭᠡ ᠶᠢ ᠪᠠᠲᠤᠯᠠᠵᠤ᠂ ᠬᠥᠬᠡᠬᠤᠲᠠ ᠠᠴᠠ ᠰᠠᠯᠭᠠᠨ ᠭᠠᠷᠭᠠᠭᠰᠠᠨ 4483 ᠶᠡᠭᠡ ᠰᠤᠷᠭᠠᠭᠤᠯᠢ ᠶᠢᠨ ᠤᠶᠤᠲᠠᠳ ᠢ ᠯᠠᠪᠳᠠᠭᠤᠨ ᠢᠶᠠᠷ ᠵᠠᠯᠭᠠᠨ ᠠᠪᠴᠤ᠂ ᠪᠦᠬᠦ ᠵᠢᠯ ᠳᠤ 17.78 ᠲᠦᠮᠡᠨ ᠤᠳᠠᠭ᠎ᠠ ᠶᠢᠨ ᠸᠠᠺᠼᠢᠨ ᠤ ᠲᠠᠷᠢᠯᠭ᠎ᠠ ᠶᠢ ᠪᠡᠶᠡᠯᠡᠭᠦᠯᠵᠦ᠂ ᠲᠠᠷᠢᠯᠭ᠎ᠠ ᠶᠢᠨ ᠨᠤᠷᠮ᠎ᠠ 91%᠎ ᠳᠤ ᠬᠦᠷᠴᠦ᠂ ᠪᠦᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠦᠨᠳᠦᠰᠦᠨ ᠳᠡᠭᠡᠨ ᠪᠠᠶᠢᠭᠤᠯᠪᠠ᠃ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠶ ᠠᠷᠭᠠᠴᠠᠭᠠᠪᠠ᠃ ᠵᠠᠰᠠᠭ ᠤᠨ ᠣᠷᠳᠣᠨ ᠤ ᠶᠡᠷᠦᠩᠬᠡᠢ ᠥᠷᠢ ᠥᠭᠴᠡᠭᠡ ᠶᠢᠨ ᠨᠣᠷᠮ᠎ᠠ ᠦᠷᠭᠦᠯᠵᠢᠯᠡᠨ ᠪᠠᠭᠤᠷᠠᠵᠤ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠠᠶᠤᠯᠲᠠᠢ ᠬᠢᠮᠢ ᠶᠢᠨ ᠪᠣᠳᠠᠰ᠂ ᠰᠢᠲᠠᠮᠠᠬᠠᠢ ᠬᠡᠢ᠂ ᠥᠪᠡᠷ ᠢᠶᠠᠨ ᠪᠠᠷᠢᠭᠰᠠᠨ ᠭᠡᠷ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠯᠲᠠ ᠶᠢ ᠨᠠᠷᠢᠨ ᠬᠢᠨᠠᠮᠠᠭᠠᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ 5219 ᠵᠦᠢᠯ ᠤᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠲᠡᠭᠦᠰᠬᠡᠵᠡᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠪᠡ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠬᠠᠮᠲᠤᠷᠠᠨ ᠰᠢᠢᠳᠪᠦᠷᠢᠯᠡᠬᠦ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠬᠤᠶᠠᠷ ᠪᠦᠯᠦᠭ ᠤᠨ 53 ᠳᠠᠪᠬᠤᠷᠭᠠᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠪᠦᠬᠦᠨ ᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠵᠦ᠂ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠯᠠᠪᠳᠠᠭᠤᠨ ᠢᠶᠠᠷ ᠠᠬᠢᠭᠤᠯᠪᠠ᠃      ᠡᠨᠡ ᠨᠢᠭᠡ ᠵᠢᠯ ᠳᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠢᠯᠡᠳᠦᠯᠭᠡ ᠪᠠᠨ ᠵᠢᠯᠣᠭᠤᠳᠬᠤ ᠶᠢ ᠪᠠᠷᠢᠮᠲᠠᠯᠠᠵᠤ᠂ ︽ᠰᠢ ᠶᠢᠨ ᠫᠢᠩ ᠲᠦᠷᠦ ᠶᠢ ᠵᠠᠰᠠᠬᠤ ᠲᠤᠬᠠᠢ︾ ᠭᠡᠬᠦ ᠨᠣᠮ ᠤᠨ ᠳᠥᠷᠪᠡᠳᠦᠭᠡᠷ ᠪᠤᠳᠢ ᠵᠡᠷᠭᠡ ᠴᠢᠬᠤᠯᠠ ᠤᠨᠤᠯ ᠤᠨ ᠪᠦᠲᠦᠭᠡᠯ ᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠤᠯᠬᠢᠴᠢᠯᠠᠬᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠰᠤᠷᠲᠠᠯ ᠢᠶᠠᠨ ᠬᠤᠪᠢᠷᠠᠭᠤᠯᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠬᠥᠭᠵᠢᠯᠲᠡ ᠶᠢ ᠠᠬᠢᠭᠤᠯᠬᠤ︾ ᠰᠤᠷᠲᠠᠯ ᠤᠨ ᠪᠠᠶᠢᠭᠤᠯᠤᠯᠲᠠ ᠶᠢ ᠲᠥᠪᠯᠡᠷᠡᠭᠦᠯᠦᠨ ᠴᠡᠭᠴᠡᠯᠡᠬᠦ ᠶᠢ ᠯᠠᠪᠳᠠᠭᠤᠨ ᠪᠠᠲᠤᠲᠠᠢ ᠥᠷᠨᠢᠭᠦᠯᠵᠦ᠂ ᠺᠠᠳ᠋ᠷ ᠤᠨ ᠰᠤᠷᠲᠠᠯ ᠢᠯᠡᠳᠲᠡ ᠰᠠᠶᠢᠵᠢᠷᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠢᠯᠡᠳᠲᠡ ᠴᠢᠩᠭᠠᠷᠠᠪᠠ᠃ ︽ᠲᠠᠪᠤᠨ ᠶᠡᠭᠡ ᠡᠬᠢᠯᠡᠯᠳᠡ︾᠎ ᠶᠢᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠣᠷᠣᠨ᠂ ᠨᠡᠭᠡᠭᠡᠯᠲᠡ ᠶᠢᠨ ᠲᠣᠭᠤᠷᠢᠭ ᠵᠡᠷᠭᠡ ᠬᠦᠷᠢᠶ᠎ᠡ ᠴᠠᠷᠠᠭ᠎ᠠ ᠶᠢ ᠲᠤᠰᠬᠠᠶ ᠴᠡᠭᠴᠡᠯᠡᠨ ᠵᠠᠰᠠᠵᠤ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ︽ᠭᠤᠷᠪᠠᠨ ᠴᠢᠬᠤᠯᠠ ᠨᠢᠭᠡ ᠶᠡᠭᠡ︾᠎ ᠶᠢᠨ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ︵10︶ ᠵᠡᠷᠭᠡ ᠳᠦᠷᠢᠮ ᠢ ᠪᠠᠷᠢᠮᠲᠠᠯᠠᠨ᠂ ᠡᠯ᠎ᠡ ᠲᠥᠷᠥᠯ ᠤᠨ ᠬᠡᠷᠡᠭ ᠵᠥᠪᠯᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠨᠢ ᠰᠠᠨᠠᠭᠠᠴᠢᠯᠠᠭ᠎ᠠ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠵᠢᠴᠢ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠬᠤᠷᠢᠶᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠤᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠤᠰᠤᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠲᠠᠰᠤᠷᠠᠯᠲᠠ ᠦᠭᠡᠢ ᠠᠬᠢᠭᠤᠯᠤᠨ᠎ᠠ᠃ ᠡᠨᠡ ᠵᠢᠯ ᠠᠴᠠ ᠨᠠᠰᠢ᠂ ᠬᠤᠲᠠ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠲᠡ 331 ᠬᠤᠪᠢ ᠭᠦᠢᠴᠡᠳᠭᠡᠵᠦ᠂ ᠬᠠᠨᠤᠮᠵᠢᠲᠠᠶ ᠨᠣᠷᠮ᠎ᠠ ᠨᠢ 100%᠎ ᠳᠤ ᠬᠦᠷᠴᠡᠶ᠃ ᠦᠨᠳᠦᠰᠦᠲᠡᠨ ᠤ ᠠᠵᠢᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠡᠮᠡᠭᠲᠡᠶᠢᠴᠦᠳ ᠬᠡᠦᠬᠡᠳ᠂ ᠳᠠᠩᠰᠠ ᠡᠪᠬᠡᠮᠡᠯ ᠲᠡᠦᠬᠡ ᠲᠡᠮᠲᠡᠭᠯᠡᠯ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠵᠢᠴᠢ ᠵᠡᠮᠳᠡᠭᠴᠦᠳ ᠵᠡᠷᠭᠡ ᠠᠵᠢᠯ ᠴᠥᠮ ᠰᠢᠨ᠎ᠡ ᠠᠮᠵᠢᠯᠲᠠ ᠣᠯᠪᠠ᠃      ᠲᠥᠯᠥᠭᠡᠯᠡᠭᠴᠢᠳ ᠡ᠂ ᠡᠨᠡ ᠨᠢᠭᠡ ᠵᠢᠯ ᠳᠤ᠂ ᠶᠡᠭᠡ ᠶᠠᠪᠤᠳᠠᠯ ᠴᠢᠬᠤᠯᠠ ᠶᠠᠪᠤᠳᠠᠯ ᠳᠠᠪᠬᠤᠴᠠᠵᠤ᠂ ᠪᠠᠴᠢᠮ ᠶᠠᠪᠤᠳᠠᠯ ᠬᠦᠴᠢᠷ ᠶᠠᠪᠤᠳᠠᠯ ᠰᠣᠯᠪᠢᠴᠠᠵᠤ᠂ ᠪᠢᠳᠡ ᠵᠣᠷᠢᠭᠲᠠᠶ ᠪᠠᠷ ︽ᠥᠷᠢᠰᠥᠯᠳᠦᠭᠡᠨ ᠬᠢᠵᠦ ᠴᠢᠳᠠᠬᠤ ᠥᠬᠡᠶ︾᠂ ᠵᠣᠷᠢᠭᠲᠠᠶ ᠪᠠᠷ ︽ᠦᠰᠦᠷᠴᠦ ᠪᠠᠶᠢᠭᠠᠳ ᠠᠯᠮᠤᠷᠠᠳ ᠲᠡᠭᠦᠵᠦ᠂ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠪᠤᠷᠢᠵᠢᠭᠤᠯᠬᠤ᠂ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠵᠠᠷᠢᠮ ᠣᠷᠳᠣ ᠬᠤᠭᠤᠴᠠᠭ᠎ᠠ ᠪᠠᠷ ᠰᠢᠢᠳᠪᠦᠷᠢᠯᠡᠬᠦ ᠰᠠᠨᠠᠭᠠᠲᠠᠢ ᠠᠴᠠ ᠪᠢᠰᠢ ᠰᠢᠢᠳᠪᠦᠷᠢᠯᠡᠬᠦ ᠭᠡᠵᠦ ᠪᠣᠳᠣᠭᠰᠠᠨ ᠦᠭᠡᠢ ᠠᠰᠠᠭᠤᠳᠠᠯ ᠢ ᠰᠢᠢᠳᠪᠦᠷᠢᠯᠡᠵᠦ᠂ ᠥᠩᠭᠡᠷᠡᠭᠰᠡᠨ ᠤ ᠪᠦᠲᠦᠭᠡᠬᠦ ᠪᠠᠷ ᠪᠣᠳᠣᠭᠰᠠᠨ ᠪᠣᠯᠪᠠᠴᠤ ᠪᠦᠲᠦᠭᠡᠵᠦ ᠳᠡᠶᠢᠯᠦᠭᠡᠳᠦᠢ ᠵᠠᠷᠢᠮ ᠶᠡᠭᠡ ᠶᠠᠪᠤᠳᠠᠯ ᠢ ᠪᠦᠲᠦᠭᠡᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠤᠷᠤᠭᠰᠢᠲᠠᠶ ᠶᠠᠪᠤᠭᠳᠠᠵᠤ᠂ ᠪᠢᠳᠡᠨ ᠢ ᠵᠣᠷᠢᠭᠵᠢᠭᠤᠯᠤᠨ ︽ᠪᠣᠬᠢᠷᠲᠤᠯ ᠥᠬᠡᠶ ᠪᠠᠶᠢᠬᠤ︾᠎ ᠶᠢ ᠬᠥᠭᠵᠢᠭᠦᠯᠵᠦ ︽ᠠᠯᠤᠰ ᠬᠡᠲᠦ ᠶᠢ ᠰᠦᠪᠡᠭᠴᠢᠯᠡᠬᠦ︾ ᠵᠠᠮ ᠢᠶᠠᠷ ᠵᠠᠮᠨᠠᠭᠤᠯᠤᠭᠰᠠᠨ ᠨᠢ ᠮᠠᠨ ᠤ ᠬᠡᠷ ᠣᠷᠣᠨ ᠢ ᠰᠠᠬᠢᠨ ᠬᠠᠮᠠᠭᠠᠯᠠᠭᠰᠠᠨ ᠢᠶᠠᠷ ᠪᠠᠷᠠᠬᠤ ᠥᠬᠡᠶ᠂ ᠪᠠᠰᠠ ᠡᠯ᠎ᠡ ᠲᠥᠷᠥᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠥᠨᠳᠥᠷ ᠪᠦᠲᠦᠮᠵᠢᠲᠡᠶ ᠠᠷᠭᠠᠴᠠᠬᠤ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ︔ ᠳ᠋ᠦᠩ ᠹᠠᠩ ᠰᠢ ᠸᠠᠩ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶᠡᠨ ᠤ ᠲᠥᠷᠥᠯ ᠵᠦᠢᠯ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠠᠰᠠᠭᠤᠳᠠᠯ ᠢ ᠡᠪᠳᠡᠵᠦ ᠰᠢᠨ᠎ᠡ ᠪᠠᠶᠢᠳᠠᠯ ᠢ ᠡᠭᠦᠳᠬᠦ ᠶᠢ ᠬᠦᠰᠡᠪᠡ︔ ᠬᠤᠲᠠ ᠶᠢᠨ ᠨᠢᠭᠡ ᠮᠦᠴᠡᠲᠤ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠬᠦ ᠤᠯᠤᠰ ᠤᠨ ᠲᠤᠷᠰᠢᠯᠲᠠ ᠳᠤ ᠠᠮᠵᠢᠯᠲᠠ ᠲᠠᠢ ᠰᠤᠩᠭᠤᠭᠳᠠᠵᠤ᠂ ᠠᠷᠠᠳ ᠣᠯᠠᠨ ᠢ ᠣᠯᠠᠨ ᠲᠦᠮᠡᠨ ᠲᠠᠢ ᠣᠶᠢᠷᠠᠲᠤᠭᠤᠯᠤᠭᠰᠠᠨ ᠮᠥᠷᠲᠡᠭᠡᠨ ᠴᠠᠭᠠᠷᠠᠭᠰᠠᠨ ᠠᠮᠢᠳᠤᠷᠠᠯ ᠤᠨ ᠦᠢᠯᠡᠴᠢᠯᠡᠭᠡ ᠪᠠᠷ ︽ᠠᠯᠬᠤᠮ ᠢᠶᠠᠨ ᠪᠡᠶᠡᠯᠡᠭᠦᠯᠵᠦ᠂ ᠬᠦᠷᠦᠯᠴᠡᠬᠦ ᠦᠭᠡᠢ ᠲᠠᠯ᠎ᠠ ᠪᠠᠨ ᠬᠦᠨᠳᠡᠵᠤ᠂ ᠮᠠᠨ ᠤ ᠲᠤᠭᠤᠷᠢᠭ ᠤᠨ ᠣᠲᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠰᠢᠨ᠎ᠡ ᠵᠠᠭᠪᠤᠷ ᠢ ᠪᠣᠶ ᠪᠣᠯᠭᠠᠪᠠ᠃ ᠥᠨᠥᠳᠦᠷ ᠤᠨ ᠬᠠᠶᠢᠷᠤᠪ ᠤᠨ ᠲᠤᠬᠤᠢ ᠲᠤᠭᠤᠷᠢᠭ ᠲᠤ᠂ ᠬᠦᠴᠦ ᠪᠠᠨ ᠬᠠᠮᠲᠤᠳᠬᠠᠨ ᠬᠥᠭᠵᠢᠯᠲᠡ ᠶᠢᠨ ᠬᠤᠰᠢᠭᠤᠴᠢ ᠪᠣᠯᠬᠤ ᠪᠠᠷ ᠴᠢᠷᠮᠠᠶᠢᠬᠤ ᠰᠦᠷ ᠬᠦᠴᠦᠨ ᠨᠡᠩ ᠴᠢᠩᠭᠠᠷᠠᠪᠠ᠃     ᠲᠥᠯᠤᠭᠡᠯᠩᠴᠢᠤᠨ ᠡ᠂ ᠡᠨᠡ ᠨᠢᠭᠡ ᠵᠢᠯ ᠳᠤ᠂ ᠪᠢᠳᠡᠨ ᠳᠤ ᠲᠤᠯᠭᠠᠷᠠᠵᠥ ᠪᠠᠶᠢᠭ᠎ᠠ ᠠᠶᠤᠯ ᠲᠥᠭᠰᠢᠭᠦᠷᠢ ᠦᠷᠢᠰᠤᠯᠳᠤᠭᠡᠨ ᠤᠷᠢᠳ ᠡᠮᠦᠨ᠎ᠠ ᠪᠠᠶᠢᠭ᠎ᠠ ᠦᠭᠡᠢ᠃ ᠬᠤᠷᠸ᠎ᠠ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢᠨ ᠡᠮᠦᠨ᠎ᠡ᠂ ᠪᠢᠳᠡ ︽ᠲᠡᠮᠡᠴᠡᠬᠦ᠂ ᠵᠠᠪᠳᠤᠬᠤ᠂ ᠪᠣᠳᠠᠳᠠᠶᠢᠵᠢᠭᠤᠯᠬᠤ︾ ᠪᠠᠶᠢᠳᠠᠯ ᠪᠠ ᠰᠤᠷᠲᠠᠯ ᠢᠶᠠᠨ ᠢᠮᠠᠭᠲᠠ ᠪᠠᠷᠢᠮᠲᠠᠯᠠᠵᠤ᠂ ᠠᠵᠤ ᠠᠬᠤᠢ ᠶᠢᠨ ᠦᠨᠳᠦᠰᠦᠨ ᠪᠠᠶᠢᠳᠠᠯ ᠢ ᠨᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠭᠰᠠᠨ ᠪᠠᠶᠢᠨ᠎ᠠ᠃ ︽ᠬᠤᠣᠰ ᠨᠡᠭᠦᠷᠡᠰᠦᠲᠥ᠋ᠷᠥᠭᠴᠢ︾᠎ ᠶᠢᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠢᠳᠡ ︽ᠪᠠᠭᠠᠲᠤᠷ ᠡᠷ᠎ᠡ ᠪᠠᠭᠤᠤ ᠪᠠᠨ ᠲᠠᠰᠤᠯᠬᠤ︾ ᠡᠷᠡᠰ ᠵᠣᠷᠢᠭ ᠢᠶᠠᠷ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠭᠡᠳᠡᠷᠭᠦ ᠰᠢᠬᠠᠮᠳᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠪᠠ᠃ ᠢᠯᠠᠩᠭᠤᠶ᠎ᠠ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠭᠰᠠᠨ ᠤ ᠳᠠᠷᠠᠭ᠎ᠠ᠂ ᠪᠢᠳᠡ ᠲᠡᠭᠦᠨ ᠤ ᠳᠤᠮᠳᠠ ᠠᠴᠠ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠦᠵᠡᠯᠲᠡ ᠶᠢᠨ ᠰᠢᠨᠡᠴᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠭᠵᠢᠯᠲᠡ ᠶᠢᠨ ᠢᠲᠡᠭᠡᠯ ᠢᠶᠠᠨ ᠨᠡᠩ ᠪᠠᠲᠤᠳᠬᠠᠵᠤ ᠪᠠᠶᠢᠨ᠎ᠠ᠃ 2022 ᠣᠨ ᠤ ᠪᠤᠢ ᠪᠦᠬᠦᠢ ᠠᠵᠢᠯ ᠤᠨ ᠠᠮᠵᠢᠯᠲᠠ ᠪᠦᠲᠦᠮᠵᠢ ᠣᠯᠤᠭᠰᠠᠨ ᠶᠠᠪᠤᠳᠠᠯ ᠪᠣᠯ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠭᠰᠠᠨ ᠶᠠᠪᠤᠳᠠᠯ ᠪᠣᠯᠤᠨ᠎ᠠ᠂ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠦᠷ᠎ᠡ ᠳ᠋ᠦᠩ᠂ ᠪᠦᠬᠦ ᠲᠤᠭᠤᠷᠢᠭ ᠤᠨ ᠺᠠᠳ᠋ᠷ ᠤᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠤ ᠦᠷ᠎ᠡ ᠳ᠋ᠦᠩ ᠪᠣᠯᠤᠨ᠎ᠠ᠃ ᠠᠳᠡ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠪᠦᠬᠦ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ᠂ ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠯᠲᠡ ᠶᠢ ᠲᠡᠮᠵᠢᠵᠤ ᠪᠠᠶᠢᠭ᠎ᠠ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠲᠥᠯᠥᠭᠡᠯᠡᠭᠴᠢᠳ ᠡ᠂ ᠨᠠᠮ ᠤᠨ ᠬᠤᠷᠢᠳᠤᠭᠠᠷ ᠶᠡᠭᠡ ᠬᠤᠷᠠᠯ ᠨᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠤᠭ᠎ᠠ ᠵᠢᠷᠤᠭ ᠲᠥᠯᠥᠪᠯᠡᠭᠡ ᠶᠢ ᠵᠢᠷᠤᠭᠯᠠᠵᠤ᠂ ᠰᠢᠨ᠎ᠡ ᠲᠡᠦᠬᠡᠨ ᠣᠷᠣᠨ ᠪᠠᠶᠢᠷᠢ ᠳᠤ ᠵᠣᠭᠰᠣᠵᠤ᠂ ᠪᠢᠳᠡ ᠨᠡᠩ ᠥᠷᠭᠡᠨ ᠬᠠᠷᠠᠭᠠᠰᠤ᠂ ᠨᠡᠩ ᠥᠨᠳᠥᠷ ᠬᠠᠷᠠᠯᠲᠠ ᠱᠠᠭᠠᠷᠳᠠᠯᠭ᠎ᠠ᠂ ᠨᠡᠩ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠬᠥᠭᠵᠢᠯᠲᠡ ᠶᠢ ᠰᠦᠪᠡᠭᠴᠢᠯᠡᠵᠦ᠂ ᠵᠣᠯ ᠵᠢᠷᠭᠠᠯ ᠢ ᠡᠷᠢᠯᠬᠢᠯᠡᠬᠦ ᠶᠢ ᠱᠠᠭᠠᠷᠳᠠᠵᠤ ᠪᠠᠶᠢᠨ᠎ᠠ᠃ ᠪᠢᠳᠡᠨ ᠳᠤ ᠣᠷᠤᠰᠢᠵᠤ ᠪᠠᠶᠢᠭ᠎ᠠ ᠠᠰᠠᠬᠤᠳᠠᠯ ᠳᠤ ᠵᠥᠪ ᠢᠶᠠᠷ ᠬᠠᠨᠳᠤᠬᠤ ᠴᠢᠬᠤᠯᠠᠲᠠᠶ᠃ ᠵᠢᠱᠢᠶᠡᠯᠡᠪᠡᠯ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠪᠠᠨ ᠲᠦᠷᠭᠡᠳᠬᠡᠬᠦ ᠴᠢᠬᠤᠯᠠᠲᠠᠢ ᠪᠠᠶᠢᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠷᠠᠬᠠᠨ ᠪᠦᠲᠦᠮᠵᠢᠲᠡᠢ ᠲᠤᠯᠭᠠᠭᠤᠷᠢᠯᠠᠯ ᠪᠣᠯᠵᠤ ᠴᠢᠳᠠᠭᠰᠠᠨ ᠦᠭᠡᠢ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠬᠦᠷᠦᠯᠴᠡᠬᠦ ᠦᠭᠡᠢ ᠪᠠᠶᠢᠵᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠳᠤ ᠳᠠᠷᠤᠯᠲᠠ ᠨᠡᠯᠢᠶᠡᠳ ᠶᠡᠭᠡ ᠪᠠᠶᠢᠭᠰᠠᠭᠠᠷ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠡᠭᠦᠷᠭᠡ ᠬᠠᠲᠠᠭᠤ ᠪᠡᠷᠬᠡ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠳᠠᠩ ᠴᠤᠯᠭᠤᠢ᠂ ᠭᠤᠣᠯᠳᠠᠯᠭ᠎ᠠ ᠲᠠᠢ ᠵᠠᠷᠤᠯᠭ᠎ᠠ ᠶᠢᠨ ᠳᠠᠷᠤᠯᠲᠠ ᠨᠡᠯᠢᠶᠡᠳ ᠶᠡᠭᠡ ᠪᠠᠶᠢᠨ᠎ᠠ︔ ᠠᠮᠢ ᠠᠬᠤᠢ ᠶᠢᠨ ᠣᠷᠴᠢᠨ ᠲᠣᠭᠤᠷᠢᠨ ᠳᠠᠬᠢ ᠲᠡᠦᠬᠡᠨ ᠥᠷᠢ ᠰᠢᠷᠢ ᠨᠡᠯᠢᠶᠡᠳ ᠤᠯᠠᠨ᠂ ᠵᠠᠰᠠᠬᠤ ᠠᠷᠭ᠎ᠠ ᠬᠡᠮᠵᠢᠶ᠎ᠡ ᠪᠠ ᠡᠷᠴᠢᠮ ᠮᠥᠨ ᠬᠦ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠰᠠ ᠬᠦᠷᠦᠯᠴᠡᠬᠦ ᠦᠭᠡᠢ︔ ᠴᠥᠭᠡᠨ ᠲᠣᠭᠠᠨ ᠤ ᠺᠠᠳ᠋ᠷᠴᠤᠳ ᠡᠭᠦᠷᠭᠡᠯᠡᠬᠦ ᠵᠣᠷᠢᠭ ᠰᠠᠨᠠᠭ᠎ᠠ ᠳᠤᠲᠠᠮᠠᠭ ᠪᠠᠶᠢᠵᠤ᠂ ᠵᠠᠷᠢᠮ ᠠᠵᠢᠯ ᠢ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠭᠦᠢᠴᠡᠳ ᠦᠭᠡᠢ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠶ ᠰᠤᠳᠤᠯᠤᠨ ᠰᠢᠢᠳᠪᠦᠷᠢᠯᠡᠬᠦ ᠬᠡᠷᠡᠭᠲᠡᠢ᠃      ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ      2023᠎ ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠬᠠᠶᠢᠷᠤᠪ ᠤᠨ ᠲᠤᠬᠤᠢ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠲᠡᠰᠢ ᠤᠷᠤᠭᠰᠢᠯᠠᠬᠤ ᠵᠠᠩᠭᠢᠯᠠᠭ᠎ᠠ ᠶᠢᠨ ᠵᠢᠯ ᠪᠣᠯᠤᠨ᠎ᠠ᠃ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠴᠢᠬᠤᠯᠠ ᠶᠡᠭᠡ ᠬᠠᠷᠢᠭᠤᠴᠠᠯᠭ᠎ᠠ ᠲᠠᠢ ᠶᠤᠮ᠃ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠳᠠᠭᠠᠯᠳᠤᠨ᠂ ︽ᠲᠠᠪᠤᠨ ᠶᠡᠭᠡ ᠲᠥᠷᠥ ᠶᠢᠨ ᠪᠣᠳᠣᠯᠭ᠎ᠠ︾ ᠦᠷᠭᠦᠯᠵᠢᠯᠡᠨ ᠬᠦᠴᠦᠯᠡᠵᠦ᠂ ᠵᠠᠬ᠎ᠠ ᠳᠡᠯᠭᠡᠭᠦᠷ ᠤᠨ ᠢᠲᠡᠭᠡᠯ ᠬᠦᠴᠦᠲᠡᠶ ᠬᠥᠭᠵᠢᠵᠦ᠂ ᠠᠵᠤ ᠠᠬᠤᠶ ᠶᠢᠨ ᠠᠵᠢᠯᠯᠠᠭᠠᠨ ᠯᠠᠪᠲᠠᠶ ᠪᠦᠬᠦᠯᠢ ᠴᠣᠭᠴᠠ ᠪᠠᠷ ᠨᠢ ᠰᠠᠶᠢᠵᠢᠷᠠᠬᠤ ᠪᠣᠯᠤᠨ᠎ᠠ᠃ ᠣᠳᠣᠬᠠᠨ ᠳᠤ᠂ ᠪᠢᠳᠡ ᠶᠠᠭ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ᠂ ᠲᠥᠷᠥ ᠶᠢᠨ ᠪᠣᠳᠣᠯᠭ᠎ᠠ ᠶᠢᠨ ᠳᠠᠪᠬᠤᠴᠠᠯ ᠠᠰᠢᠭ ᠤᠯᠬᠤ ᠬᠤᠭᠤᠴᠠᠭ᠎ᠠ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠤᠨ ᠬᠤᠭᠤᠴᠠᠭ᠎ᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠠᠩᠭᠢᠯᠠᠭ᠎ᠠ ᠶᠢᠨ ᠬᠤᠭᠤᠴᠠᠭ᠎ᠠ᠂ ᠲᠦᠭᠰᠢᠭᠦᠷᠢ ᠶᠢ ᠠᠷᠢᠯᠭᠠᠬᠤ ᠴᠢᠬᠤᠯᠠ ᠴᠣᠩᠬᠤᠪᠴᠢ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠠᠵᠠ ᠲᠣᠬᠢᠶᠠᠯ ᠪᠠ ᠥᠷᠢᠰᠥᠯᠳᠦᠭᠡᠨ ᠵᠡᠷᠭᠡᠪᠡᠷ ᠣᠷᠣᠰᠢᠵᠤ ᠪᠠᠶᠢᠨ᠎ᠠ᠃ ᠪᠢᠳᠡ ︽ᠳᠤᠯᠤᠭ᠎ᠠ ᠶᠢ ᠲᠠᠶᠠᠭᠳᠠᠬᠤ︾᠎ ᠶᠢ ᠡᠷᠡᠰ ᠪᠡᠶᠡᠯᠡᠭᠦᠯᠵᠦ᠂ ︽ᠲᠤᠯᠤᠭᠠᠨ ᠵᠦᠢᠯ ᠤᠨ ᠤᠬᠠᠮᠰᠠᠷ︾ ᠎ ᠢᠶᠠᠨ ᠴᠢᠩᠭᠠᠳᠬᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠴᠢᠷᠮᠠᠶᠢᠨ ᠠᠵᠢᠯᠯᠠᠪᠠᠯ ᠠᠵᠤ ᠠᠬᠤᠢ ᠶᠢᠨ ᠬᠡᠮᠵᠢᠶᠡᠨ ᠤ ᠨᠡᠯᠢᠶᠡᠳ ᠲᠦᠷᠭᠡᠨ ᠨᠡᠮᠡᠭᠳᠡᠯ ᠪᠠ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠᠨ ᠯᠠᠪᠲᠠᠢ ᠪᠡᠶᠡᠯᠡᠭᠦᠯᠵᠦ ᠴᠢᠳᠠᠨ᠎ᠠ᠂ ᠳᠠᠷᠤᠢ ᠬᠠᠶᠢᠷᠤᠪ ᠤᠨ ᠲᠤᠬᠤᠢ ᠶᠢᠨ ᠬᠥᠭᠵᠢᠯᠲᠡ ᠶᠢᠨ ᠰᠢᠨ᠎ᠡ ᠬᠠᠪᠤᠷ ᠢ ᠯᠠᠪᠲᠠᠢ ᠤᠭᠲᠤᠨ ᠠᠪᠴᠢᠷᠠᠵᠤ ᠴᠢᠳᠠᠨ᠎ᠠ︕      2023 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠪᠠᠨ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ᠂ ᠲᠣᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ᠠᠭᠤᠰᠤᠯᠴᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠦᠨ᠂ ᠥᠭᠡᠷᠡᠴᠢᠯᠡᠯᠲᠡ ᠨᠡᠭᠡᠭᠡᠯᠲᠡ ᠪᠠᠨ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢᠶᠠᠨ ᠶᠡᠬᠡᠪᠡᠷ ᠬᠥᠭᠵᠢᠭᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠲᠠᠢ ᠣᠷᠭᠠᠨᠢᠭ ᠢᠶᠠᠷ ᠤᠶᠠᠯᠳᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠬᠠᠶᠢᠷᠤᠪ ᠤᠨ ᠲᠤᠬᠤᠢ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠬᠠᠶᠢᠷᠤᠪ ᠤᠨ ᠲᠤᠬᠤᠢ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠠᠮᠢ ᠠᠬᠤᠢ ᠶᠢᠨ ᠬᠡᠯᠪᠡᠷᠢ ᠶᠢ ᠬᠤᠪᠢᠷᠠᠭᠤᠯᠬᠤ ᠪᠠ ᠬᠤᠳᠠ ᠶᠢᠨ ᠬᠡᠯᠪᠡᠷᠢ ᠶᠢ ᠬᠤᠪᠢᠷᠠᠭᠤᠯᠬᠤ ᠪᠠᠨ ᠯᠠᠪᠳᠠᠭᠤᠨ ᠪᠠᠲᠤᠲᠠᠢ ᠠᠬᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ︽ᠠᠩᠬᠠᠨ ᠤ ᠬᠤᠲᠠ᠂ ᠡᠵᠢ ᠬᠤᠳᠠ᠂ ᠭᠤᠣᠯ ᠬᠤᠳᠠ︾᠎ ᠶᠢᠨ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠬᠠᠶᠢᠷᠤᠪ ᠤᠨ ᠲᠤᠬᠤᠢ ᠶᠢᠨ ᠴᠠᠭ ᠦᠶ᠎ᠡ ᠶᠢᠨ ᠬᠠᠭᠤᠳᠠᠰᠤ ᠪᠠᠨ ᠴᠢᠷᠮᠠᠶᠢᠨ ᠪᠢᠴᠢᠭᠯᠡᠬᠦ ᠬᠡᠷᠡᠭᠲᠡᠢ᠃      2023 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6%᠎ ᠪᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 8%᠎ ᠪᠠᠷ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 4%᠎ ᠪᠠᠷ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 10%᠎ ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢ 6%᠎ ᠪᠠᠷ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠵᠡᠷᠭᠡᠪᠡᠷ ᠪᠠᠷᠢᠮᠲᠠᠯᠠᠨ᠎ᠠ︔ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ᠂ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠵᠡᠷᠭᠡ ᠣᠨ ᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠦᠨ᠎ᠡ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠪᠢᠳᠡ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄      ︵ᠨᠢᠭᠡ︶ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠪᠠᠨ ᠭᠦᠨᠵᠡᠭᠡᠶᠢᠷᠡᠭᠦᠯᠦᠨ᠎ᠡ᠃ ᠠᠭᠤᠷᠬᠠᠶ ᠶᠢᠨ ᠣᠷᠣᠨ ᠤ ᠠᠮᠢ ᠠᠬᠤᠶ ᠶᠢᠨ ᠵᠠᠰᠠᠯᠲᠠ ᠪᠠᠨ ᠴᠢᠩᠭᠠᠳᠬᠠᠨ᠎ᠠ᠃ ᠪᠣᠬᠢᠷᠲᠤᠯ ᠦᠭᠡᠶ ᠠᠭᠤᠷᠬᠠᠶ ᠪᠠ ᠪᠣᠬᠢᠷᠲᠤᠯ ᠦᠭᠡᠶ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠪᠠᠨ ᠲᠦᠯᠬᠢᠨ ᠠᠬᠢᠭᠤᠯᠵᠤ᠂ 3 ᠠᠭᠤᠷᠬᠠᠶ ᠶᠢᠨ ᠣᠷᠣᠨ ᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠢᠨᠵᠧᠨᠧᠷᠢᠩ ᠢ ᠱᠠᠲᠤ ᠦᠶᠡᠴᠢ ᠴᠢᠨᠠᠷᠲᠠᠶ ᠪᠠᠷ ᠪᠡᠶᠡᠯᠡᠭᠦᠯᠵᠦ᠂ 202 ᠾᠧᠺᠲ᠋ᠠᠷ ᠤᠨ ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠵᠠᠯᠭᠠᠯᠳᠤᠨ ᠵᠠᠰᠠᠬᠤ ᠡᠭᠦᠷᠭᠡ ᠪᠠᠨ ᠪᠡᠶᠡᠯᠡᠭᠦᠯᠦᠨ᠎ᠡ᠃ ᠣᠷᠭᠢᠯ ᠢ ᠵᠥᠷᠢᠭᠦᠯᠦᠨ ᠳᠡᠯᠪᠡᠴᠢᠬᠦ᠂ ᠲᠣᠭᠤᠰᠣ ᠥᠬᠡᠶ ᠳᠡᠯᠪᠡᠷᠡᠯᠲᠡ ᠶᠢ ᠬᠡᠷᠡᠭᠵᠢᠭᠦᠯᠵᠦ᠂ ︽ᠲᠠᠷᠠᠬᠠᠢ ᠶᠢ ᠴᠤᠭᠯᠠᠷᠠᠯ ᠪᠣᠯᠭᠠᠨ ᠥᠭᠡᠷᠡᠴᠢᠯᠡᠬᠦ︾ ︽ᠲᠣᠰᠣ ᠶᠢ ᠴᠠᠬᠢᠯᠭᠠᠨ ᠪᠣᠯᠭᠠᠨ ᠥᠭᠡᠷᠡᠴᠢᠯᠡᠬᠦ︾ ︽ᠵᠠᠰᠠᠮᠠᠯ ᠵᠠᠮ ᠢ ᠲᠡᠮᠦᠷ ᠵᠠᠮ ᠪᠣᠯᠭᠠᠨ ᠬᠤᠪᠢᠷᠠᠭᠤᠯᠬᠤ︾ ᠵᠡᠷᠭᠡ ᠪᠣᠬᠢᠷᠲᠤᠯ ᠥᠬᠡᠶ ᠲᠡᠭᠡᠭᠡᠪᠦᠷᠢ ᠶᠢᠨ ᠠᠷᠭ᠎ᠠ ᠮᠠᠶ᠋ᠢᠭ ᠢ ᠶᠡᠬᠡᠪᠡᠷ ᠳᠡᠯᠭᠡᠷᠡᠭᠦᠯᠵᠦ᠂ ᠠᠭᠤᠷᠬᠠᠶ ᠶᠢᠨ ᠣᠷᠣᠨ ᠤ ᠲᠡᠭᠡᠭᠡᠪᠦᠷᠢ ᠵᠢᠴᠢ ᠡᠳ᠋ ᠮᠠᠲ᠋ᠧᠷᠢᠶᠠᠯ ᠢ ᠣᠪᠣᠭᠠᠯᠠᠨ ᠬᠠᠳᠠᠭᠠᠯᠠᠬᠤ᠂ ᠳᠠᠮᠵᠢᠭᠤᠯᠤᠨ ᠲᠡᠭᠡᠭᠡᠪᠦᠷᠢᠯᠡᠬᠦ ᠶᠢ ᠪᠦᠬᠦᠨ ᠢ ᠪᠢᠲᠡᠭᠦᠮᠵᠢᠯᠡᠬᠦ ᠪᠠᠨ ᠪᠡᠶᠡᠯᠡᠭᠦᠯᠵᠦ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠤᠨ᠎ᠠ᠃ ᠪᠣᠬᠢᠷᠳᠠᠯ ᠢ ᠰᠡᠷᠭᠡᠶᠢᠯᠡᠨ ᠵᠠᠰᠠᠬᠤ ᠡᠷᠴᠢᠮ ᠢᠶᠠᠨ ᠴᠢᠨᠭᠠᠷᠠᠭᠤᠯᠵᠤ᠃ ᠠᠭᠠᠷ ᠮᠠᠨᠳᠠᠯ ᠤᠨ ᠪᠣᠬᠢᠷᠲᠤᠯ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠨ ᠬᠢᠵᠠᠭᠠᠷᠯᠠᠬᠤ ᠲᠦᠷᠢᠮ ᠢᠶᠠᠨ ᠴᠢᠩᠭ᠎ᠠ ᠨᠠᠶᠢᠳᠠᠪᠤᠷᠢᠵᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠵᠠᠰᠠᠬᠤ 9 ᠲᠥᠷᠥᠯ ᠵᠦᠢᠯ ᠢ ᠬᠡᠷᠡᠭᠵᠢᠭᠦᠯᠦᠨ᠎ᠡ᠃ ᠬᠡᠳᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢᠨ 4 ᠲᠥᠷᠥᠯ ᠵᠦᠢᠯ ᠢ ᠪᠦᠲᠦᠭᠡᠨ ᠪᠠᠢᠭᠤᠯᠵᠤ ᠵᠢᠶᠠᠨ ᠯᠦᠩ ᠪᠤᠤ ᠭᠠᠩ ᠸᠠᠨ ᠲᠧᠩ ᠬᠡᠳᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠠᠵᠤ ᠦᠢᠯᠡᠳᠪᠦᠷᠢ ᠶᠢᠨ VOCs ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠢ ᠵᠠᠰᠠᠬᠤ ᠶᠢ ᠠᠬᠢᠭᠤᠯᠤᠨ᠎ᠠ᠃ PM10 ᠲᠤᠰᠬᠠᠶ ᠵᠦᠢᠯ ᠢᠶᠠᠷ ᠴᠡᠭᠴᠡᠯᠡᠨ ᠵᠠᠰᠠᠵᠤ᠂ ᠠᠭᠤᠷᠬᠠᠢ ᠶᠢᠨ ᠣᠷᠣᠨ᠂ ᠬᠦᠷᠢᠶᠡᠯᠡᠩ ᠲᠣᠭᠤᠷᠢᠭ᠂ ᠬᠤᠲᠠ ᠶᠢᠨ ᠲᠣᠭᠤᠷᠢᠭ ᠤᠨ ᠬᠤᠯᠪᠣᠭᠠᠯᠠᠨ ᠬᠥᠳᠡᠯᠦᠯᠴᠡᠵᠦ ᠴᠡᠭᠴᠡᠯᠡᠨ ᠵᠠᠰᠠᠬᠤ ᠪᠠᠨ ᠠᠬᠢᠭᠤᠯᠤᠨ᠎ᠠ᠃ ᠬᠠᠶᠠᠭᠳᠠᠮᠠᠯ ᠤᠰᠤ ᠶᠢ ᠭᠦᠨᠵᠡᠭᠡᠶ ᠰᠢᠢᠳᠪᠦᠷᠢᠯᠡᠬᠦ ᠢᠨᠵᠧᠨᠧᠷᠢᠩ ᠢ ᠪᠦᠲᠦᠭᠡᠨ ᠪᠠᠶᠢᠭᠤᠯᠵᠤ᠂ ᠬᠡᠦᠷᠰᠢᠭᠦᠯᠦᠭᠰᠡᠨ ᠬᠠᠶᠠᠭᠳᠠᠮᠠᠯ ᠤᠰᠤ ᠶᠢ ᠪᠦᠬᠦᠨ ᠢ ᠴᠤᠭᠯᠠᠭᠤᠯᠵᠤ᠂ ᠪᠦᠬᠦᠨ ᠢ ᠰᠢᠢᠳᠪᠦᠷᠢᠯᠡᠵᠦ᠂ ᠪᠦᠬᠦᠨ ᠢ ᠡᠭᠡᠭᠦᠯᠦᠨ ᠬᠡᠷᠡᠭᠯᠡᠬᠦ ᠶᠢ ᠪᠡᠶᠡᠯᠡᠭᠦᠯᠦᠨ᠎ᠡ᠃ ᠬᠥᠷᠥᠰᠥ ᠰᠢᠷᠣᠶ ᠶᠢᠨ ᠪᠣᠬᠢᠷᠲᠤᠯ ᠪᠠ ᠭᠠᠵᠠᠷ ᠳᠣᠤᠷᠠᠬᠢ ᠤᠰᠤᠨ ᠤ ᠪᠣᠬᠢᠷᠲᠤᠯ ᠢ ᠬᠠᠮᠵᠢᠯᠴᠠᠨ ᠰᠡᠷᠭᠡᠶᠢᠯᠡᠨ ᠵᠠᠰᠠᠬᠤ ᠪᠠᠨ ᠠᠬᠢᠭᠤᠯᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠪᠣᠬᠢᠷᠲᠤᠯ ᠤᠨ ᠭᠤᠣᠯᠳᠠᠯᠭ᠎ᠠ ᠲᠠᠢ ᠨᠢᠭᠡᠴᠡ ᠶᠢ ᠬᠢᠨᠠᠨ ᠬᠠᠮᠢᠶᠠᠷᠬᠤ ᠪᠠᠨ ᠴᠢᠩᠳᠠᠯᠠᠵᠤ᠂ ᠪᠣᠬᠢᠷᠲᠤᠯ ᠤᠨ ᠡᠬᠢ ᠰᠤᠷᠪᠤᠯᠵᠢ ᠶᠢ ᠤᠷᠢᠳᠴᠢᠯᠠᠨ ᠰᠡᠷᠭᠡᠶᠢᠯᠡᠬᠦ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠪᠠᠨ ᠪᠥᠬᠦ ᠲᠠᠯ᠎ᠠ ᠪᠠᠷ ᠴᠢᠩᠭᠠᠳᠬᠠᠨ᠎ᠠ᠃ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠵᠤ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠯᠠᠪᠳᠠᠭᠤᠨ ᠪᠠᠲᠤᠲᠠᠶ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠨ ᠰᠢᠢᠤᠡᠪᠤᠷᠢᠯᠡᠬᠦ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢᠶᠠᠨ ᠦᠨᠡᠨᠬᠦ ᠪᠠᠲᠤᠯᠠᠨ᠎ᠠ᠃      ︵ᠬᠤᠶᠠᠷ︶ ᠲᠥᠷᠥᠯ ᠵᠦᠢᠯ ᠢᠶᠠᠷ ᠳᠠᠶᠢᠴᠢᠯᠠᠬᠤ ᠶᠢ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠥᠭᠡᠴᠡᠯᠡᠬᠦ᠂ ᠠᠵᠢᠯ ᠡᠬᠢᠯᠡᠭᠦᠯᠬᠦ᠂ ᠦᠷᠭᠦᠯᠵᠢᠯᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ ︽ᠳᠥᠷᠪᠡᠨ ᠲᠥᠷᠥᠯ ᠵᠦᠢᠯ ᠤᠨ ᠬᠥᠮᠥᠷᠭᠡ︾᠎ ᠶᠢ ᠪᠠᠶᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ︽ᠣᠬᠤᠷ ᠨᠡᠷᠡᠰ︾᠎ ᠢ ᠦᠷᠭᠦᠯᠵᠢᠯᠡᠨ ᠬᠡᠷᠡᠭᠵᠢᠭᠦᠯᠦᠨ᠎ᠡ᠃ ᠶᠡᠷᠦᠩᠬᠡᠢ ᠪᠡᠯᠡ ᠣᠷᠤᠭᠤᠯᠤᠯᠲᠠ ᠨᠢ 568.8 ᠳ᠋ᠦᠩᠰᠢᠭᠤᠷ ᠲᠦᠭᠦᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 74 ᠳ᠋ᠦᠩᠰᠢᠭᠤᠷ ᠲᠦᠭᠦᠷᠢᠭ ᠠᠴᠠ ᠳᠡᠭᠡᠭᠰᠢ ᠪᠡᠶᠡᠯᠡᠭᠦᠯᠤᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠨ ᠦᠷᠭᠦᠯᠵᠢᠯᠡᠨ ᠴᠢᠩᠭᠠᠳᠬᠠᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ︽ᠨᠢᠭᠡᠳᠦᠭᠡᠷ ᠭᠠᠷ ᠤᠨ ᠢᠨᠵᠧᠨᠧᠷᠢᠩ︾ ᠪᠣᠯᠭᠠᠬᠤ ᠶᠢ ᠪᠠᠷᠢᠮᠲᠠᠯᠠᠵᠤ᠂ ᠣᠯᠠᠨ ᠲᠠᠰ ᠳᠠᠪᠬᠤᠷᠭ᠎ᠠ ᠣᠯᠠᠨ ᠠᠷᠭ᠎ᠠ ᠵᠠᠮ ᠢᠶᠠᠷ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠦᠨ᠎ᠡ᠃ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ‍ ᠨᠢᠭᠡ ᠪᠦᠯᠦᠭ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠠᠵᠤ ᠦᠢᠯᠡᠰ ᠤᠨ ᠬᠡᠯᠬᠢᠶ᠎ᠡ ᠣᠬᠤᠷ᠂ ᠲᠡᠰ ᠳᠠᠪᠬᠤᠷᠭ᠎ᠠ ᠳᠣᠣᠷ᠎ᠠ ᠪᠠ ᠴᠢᠨᠠᠷ ᠰᠠᠶᠢᠲᠠᠢ ᠥᠷᠢᠰᠥᠯᠳᠦᠭᠡᠨ ᠤ ᠠᠰᠠᠭᠤᠳᠠᠯ ᠢ ᠯᠠᠪᠳᠠᠭᠤᠨ ᠢᠶᠠᠷ ᠰᠢᠢᠳᠪᠦᠷᠢᠯᠡᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠨᠠᠮᠵᠢ ᠶᠢᠨ ᠲᠥᠷᠥᠯ ᠵᠦᠢᠯ ᠢ ᠮᠥᠷᠳᠡᠨ ᠵᠣᠯᠭᠠᠭᠤᠯᠵᠤ᠂ ᠭᠡᠷ᠎ᠡ ᠲᠣᠭᠲᠠᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠰᠢᠨ᠎ᠡ ᠪᠠᠷ ᠭᠡᠷ᠎ᠡ ᠲᠣᠭᠲᠠᠬᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠬᠤ ᠪᠠᠷ ᠴᠢᠷᠮᠠᠶᠢᠨ᠎ᠠ᠃ ᠦᠢᠯᠡᠴᠢᠯᠡᠭᠡᠨ ᠤ ᠪᠠᠲᠤᠯᠠᠭ᠎ᠠ ᠶᠢ ᠯᠠᠪᠳᠠᠭᠤᠨ ᠪᠠᠲᠤᠲᠠᠢ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ ᠲᠥᠷᠥᠯ ᠵᠦᠢᠯ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠲᠤᠰᠬᠠᠢ ᠠᠩᠭᠢ ᠪᠠᠷ ᠠᠬᠢᠭᠤᠯᠬᠤ᠂ ᠰᠢᠮᠳᠠᠭᠤᠯᠤᠨ ᠪᠠᠶᠢᠴᠠᠭᠠᠵᠤ ᠨᠡᠪᠲᠡᠷᠡᠭᠦᠯᠬᠦ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠂ ᠨᠡᠶᠢᠭᠡᠮ ᠤᠨ ᠬᠦᠷᠦᠩᠭᠡ᠂ ᠮᠥᠩᠭᠦᠨ ᠭᠦᠢᠯᠭᠡᠭᠡᠨ ᠤ ᠬᠦᠷᠦᠩᠭᠡ ᠶᠢᠨ ︽ᠬᠠᠮ ᠠᠷᠭ᠎ᠠ ᠬᠡᠮᠵᠢᠶ᠎ᠡ︾᠎ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠶᠢ ᠪᠦᠲᠦᠮᠵᠢᠲᠡᠢ ᠰᠢᠢᠳᠪᠦᠷᠢᠯᠡᠨ᠎ᠡ︔ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠡᠨᠧᠷᠭᠢ ᠬᠡᠷᠡᠭᠯᠡᠬᠦ᠂ ᠲᠠᠲᠠᠪᠤᠷᠢᠯᠠᠨ ᠨᠡᠭᠦᠯᠭᠡᠬᠦ ᠵᠡᠷᠭᠡ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ᠂ ᠡᠮᠦᠨᠡᠬᠢ ᠬᠤᠭᠤᠴᠠᠭᠠᠨ ᠤ ᠲᠦᠷᠦᠯ ᠵᠦᠢᠯ ᠢ ᠡᠷᠲᠡᠬᠡᠨ ᠠᠵᠢᠯ ᠡᠬᠢᠯᠡᠭᠦᠯᠬᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠦᠷᠭᠡᠨ ᠠᠬᠢᠭᠤᠯᠬᠤ᠂ ᠪᠠᠷᠢᠯᠭ᠎ᠠ ᠳᠠᠭᠤᠰᠤᠭᠰᠠᠨ ᠲᠦᠷᠦᠯ ᠵᠦᠢᠯ ᠢ ᠪᠦᠬᠦ ᠲᠠᠯ᠎ᠠ ᠪᠠᠷ ᠦᠢᠯᠡᠳᠪᠦᠷᠢᠯᠡᠯ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃       ︵ᠭᠤᠷᠪᠠ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠳᠣᠪᠤᠶᠢᠯᠭᠠᠨ᠂ ᠠᠵᠤ ᠦᠢᠯᠡᠰ ᠤᠨ ᠪᠦᠲᠦᠴᠡ ᠶᠢ ᠬᠦᠴᠦᠯᠡᠨ ᠰᠢᠯᠢᠳᠡᠭᠵᠢᠭᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠤᠯᠠᠮᠵᠢᠯᠠᠯᠲᠤ ᠨᠡᠭᠦᠷᠡᠰᠦ ᠬᠡᠤᠷᠡᠰᠦ ᠶᠢᠨ ᠠᠵᠤ ᠦᠢᠯᠡᠰ ᠤᠨ ᠬᠡᠯᠬᠢᠶ᠎ᠡ ᠶᠢ ᠲᠡᠰ ᠳᠡᠪᠰᠢᠭᠦᠯᠬᠦ ᠪᠠᠷ ᠠᠵᠤ ᠦᠢᠯᠡᠳᠪᠦᠷᠢ ᠶᠢᠨ ᠨᠡᠮᠡᠭᠳᠡᠯ ᠤᠨ ᠰᠠᠭᠤᠷᠢ ᠶᠢ ᠬᠤᠪᠢᠷᠠᠭᠤᠯᠬᠤ ᠬᠡᠯᠬᠢᠶ᠎ᠡ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠪᠠᠷ ᠠᠵᠤ ᠦᠢᠯᠡᠳᠪᠦᠷᠢ ᠶᠢᠨ ᠨᠡᠮᠡᠭᠳᠡᠯ ᠤᠨ ᠭᠤᠣᠯ ᠬᠥᠳᠡᠯᠭᠡᠬᠦ ᠬᠡᠯᠬᠢᠶ᠎ᠡ ᠪᠣᠯᠭᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠬᠤ ᠶᠢ ᠠᠬᠢᠭᠤᠯᠵᠤ᠂ 2025 ᠣᠨ ᠳᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 1500 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠨᠡᠭᠦᠷᠡᠰᠦ ᠮᠠᠯᠲᠠᠬᠤ᠂ ᠤᠬᠢᠶᠠᠵᠤ ᠰᠢᠯᠢᠵᠦ ᠡᠳ᠋ᠰᠢᠭᠦᠯᠬᠦ᠂ ᠬᠡᠦᠷᠰᠢᠭᠦᠯᠬᠦ ᠠᠵᠢᠯ ᠲᠥᠷᠥᠯ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ 18 ᠨᠡᠭᠦᠷᠡᠰᠦᠨ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ ᠬᠡᠷᠡᠭᠵᠢᠭᠦᠯᠵᠦ᠂ 3000 ᠲᠦᠮᠡᠨ ᠲᠣᠨ ᠨᠡᠭᠦᠷᠡᠰᠦᠨ ᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ᠂ 300 ᠲᠦᠮᠡᠨ ᠲᠣᠨ ᠬᠡᠤᠷᠰᠢᠭᠦᠯᠬᠦ ᠶᠢ ᠡᠮᠬᠢᠯᠡᠨ ᠨᠡᠶᠢᠯᠡᠭᠦᠯᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠵᠦᠩ ᠲᠠᠢ ᠲᠣᠮᠣ ᠬᠡᠯᠪᠡᠷᠢ ᠶᠢᠨ ᠠᠵᠤ ᠦᠢᠯᠡᠳᠪᠦᠷᠢ ᠶᠢᠨ ᠰᠢᠩᠭᠡᠨ ᠤᠰᠤᠲᠥ᠋ᠷᠥᠭᠴᠢ ᠶᠢ ᠬᠠᠳᠠᠭᠠᠯᠠᠬᠤ᠂ ᠪᠦᠦ ᠵᠢᠶᠧ 4 ᠲᠦᠮᠡᠨ ᠲᠣᠨ ᠪᠢᠯᠢᠭ ᠲᠦᠢᠯ ᠤᠨ ᠮᠠᠲ᠋ᠧᠷᠢᠶᠠᠯ ᠵᠡᠷᠭᠡ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠳᠠᠪᠠᠭᠤᠯᠢᠭ ᠢ ᠳᠠᠬᠢᠨ ᠪᠣᠶ ᠪᠣᠯᠭᠠᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠰᠠᠯᠬᠢᠨ ᠬᠦᠴᠦᠨ ᠤ ᠴᠠᠬᠢᠯᠭᠠᠨ ᠭᠡᠷᠡᠯ ᠤᠰᠤᠲᠥ᠋ᠷᠥᠭᠴᠢ ᠶᠢ ᠨᠥᠭᠡᠴᠡᠯᠡᠨ ᠬᠡᠷᠡᠭᠯᠡᠬᠦ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢᠨ ᠦᠢᠯᠡᠳᠬᠦ ᠰᠠᠭᠤᠷᠢᠨ ᠢ ᠬᠦᠴᠦᠯᠡᠨ ᠪᠠᠶᠢᠭᠤᠯᠵᠤ᠂ ᠳ᠋ᠦᠩ ᠹᠠᠩ ᠰᠢ ᠸᠠᠩ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠤᠯᠠᠨ ᠲᠠᠯᠠᠰᠲᠤ ᠴᠠᠬᠢᠭᠤᠷ ᠢ ᠵᠢᠯ ᠤᠨ ᠡᠴᠦᠰ ᠲᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠵᠦᠩ ᠪᠦᠸᠧ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠮᠠᠲ᠋ᠧᠷᠢᠶᠠᠯ᠂ ᠴᠢᠩ ᠲᠤᠤ ᠬᠠᠲᠠᠭᠤ ᠲᠦᠯᠦᠪᠲᠦ ᠳ᠋ᠢᠶᠠᠨ ᡂᠢ ᠶᠢᠨ ᠪᠦᠬᠦ ᠠᠵᠤ ᠦᠢᠯᠡᠰ ᠤᠨ ᠬᠡᠯᠬᠢᠶ᠎ᠡ᠂ ᠬᠦᠨᠳᠦ ᠠᠴᠢᠶᠠᠨ ᠤ ᠮᠠᠰᠢᠨ ᠲᠣᠨᠣᠭᠯᠠᠯ ᠦᠢᠯᠡᠳᠬᠦ ᠵᠡᠷᠭᠡ ᠲᠦᠷᠦᠯ ᠵᠦᠢᠯ ᠤᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠠᠬᠢᠭᠤᠯᠵᠤ᠂ ᠵᠦᠵᠸᠤ ᠶᠢᠨ ᠵᠦᠩ ᠴᠧ ᠴᠠᠭ ᠦᠶ᠎ᠡ ᠶᠢᠨ ᠰᠥᠷᠭᠡᠦ ᠬᠤᠪᠢᠰᠬᠠᠭᠤᠷ᠂ ᠲᠢᠶᠠᠨ ᠴᠢ ᠱᠦᠢ ᠹᠠ ᠲᠦᠷᠦᠯ ᠵᠦᠢᠯ ᠤᠨ ᠰᠠᠯᠬᠢᠨ ᠬᠦᠴᠦᠨ ᠤ ᠮᠠᠰᠢᠨ ᠤ ᠪᠤᠯᠤ ᠴᠢᠳᠬᠤᠬᠤ᠂ ᠪᠦᠬᠦ ᠣᠷᠣᠨ ᠤ ᠭᠡᠷ ᠤᠨ ᠣᠷᠣᠢ ᠳᠡᠭᠡᠷᠡᠬᠢ ᠲᠠᠷᠬᠠᠯᠲᠠ ᠶᠢᠨ ᠮᠠᠶ᠋ᠢᠭ ᠤᠨ ᠭᠡᠷᠡᠯ ᠴᠡᠨᠡᠭ᠂ ᠭᠤᠷᠪᠠᠨ ᠬᠡᠮᠵᠢᠯᠲᠦ ᠰᠢᠨ᠎ᠡ ᠮᠠᠲ᠋ᠧᠷᠢᠶᠠᠯ ᠤᠨ BDO᠎ ᠶᠢ ᠨᠢᠭᠡ ᠴᠤᠬᠴᠠᠵᠢᠭᠤᠯᠬᠤ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠭᠤᠭᠴᠤᠭ᠎ᠠ ᠬᠠᠷᠢᠯᠴᠠᠨ ᠬᠤᠯᠪᠣᠯᠳᠤᠭᠰᠠᠨ᠂ ᠪᠦᠬᠦ ᠬᠡᠯᠬᠢᠶ᠎ᠡ ᠲᠠᠢ ᠭᠡᠷᠡᠯ ᠴᠡᠨᠡᠭ ᠤᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠬᠦᠴᠦᠯᠡᠨ ᠪᠦᠷᠢᠯᠳᠦᠭᠦᠯᠦᠨ᠎ᠡ᠃ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ ᠶᠢᠨ ᠰᠢᠲᠠᠭᠠᠯᠭ᠎ᠠ ᠶᠢᠨ ᠲᠣᠰᠣᠨ ᠤ ᠬᠦᠨᠳᠦ ᠠᠴᠢᠶᠠᠨ ᠤ ᠮᠠᠰᠢᠨ ᠢ ᠶᠡᠬᠡᠪᠡᠷ ᠳᠡᠯᠭᠡᠷᠡᠭᠦᠯᠵᠦ᠂ 1000 ᠳᠡᠯᠭᠡᠷᠡᠭᠦᠯᠬᠦ ᠬᠠᠷᠠᠯᠲᠠ ᠶᠢ ᠪᠡᠶᠡᠯᠡᠭᠦᠯᠦᠨ᠎ᠡ᠃ ᠳ᠋ᠧᠩᠺᠸᠤ ᠰᠢᠶᠠᠨ ᠲᠠᠢ ᠣᠷᠣᠨ ᠪᠦᠰᠡ ᠶᠢᠨ ᠰᠢᠨ᠎ᠡ ᠡᠨᠧᠷᠭᠢ ᠶᠢᠨ ᠬᠠᠮᠲᠤᠷᠠᠯᠴᠠᠭ᠎ᠠ ᠥᠷᠨᠢᠭᠦᠯᠬᠦ ᠶᠢ ᠰᠦᠪᠡᠭᠴᠢᠯᠡᠵᠦ᠂ ᠠᠯᠠᠱᠠ ᠵᠡᠭᠦᠨ ᠬᠤᠰᠢᠭᠤ ᠯᠤᠭ᠎ᠠ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠤᠶᠢᠯᠡᠤᠡᠬᠦ ᠭᠠᠳᠠᠭᠰᠢ ᠳᠠᠮᠵᠢᠭᠤᠯᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠪᠠᠭᠲᠠᠭᠠᠨ ᠰᠢᠩᠭᠡᠭᠡᠬᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠲᠣᠮᠣ ᠰᠠᠭᠤᠷᠢᠨ ᠭᠠᠵᠠᠷ ᠢ ᠪᠠᠶᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ ᠲᠣᠮᠣ ᠬᠡᠯᠪᠡᠷᠢ ᠶᠢᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠪᠠ ᠪᠣᠬᠢᠷᠲᠤᠯ ᠥᠬᠡᠶ ᠴᠠᠬᠢᠯᠭᠠᠨ ᠢ ᠣᠷᠣᠯᠠᠭᠤᠯᠬᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠬᠠᠶᠢᠷᠤᠪ ᠤᠨ ᠲᠣᠬᠤᠶ ᠶᠢᠨ ᠬᠡᠰᠡᠭ ᠤᠨ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ EOD ᠲᠥᠷᠥᠯ ᠵᠦᠢᠯ ᠨᠢ ᠬᠠᠲᠤᠨ ᠭᠤᠤᠯ ᠤᠨ ᠰᠠᠪᠠ ᠭᠠᠵᠠᠷ ᠤᠨ ᠳᠡᠭᠡᠳᠦ ᠤᠷᠤᠰᠬᠠᠯ ᠤᠨ ᠠᠮᠢ ᠠᠬᠤᠶ ᠶᠢᠨ ᠪᠣᠯᠪᠠᠰᠤᠨ ᠬᠤᠲᠠ EOD ᠬᠡᠪ ᠵᠠᠭᠪᠤᠷ ᠤᠨ ︽ᠤᠯᠤᠰ ᠤᠨ ᠲᠤᠷᠰᠢᠯᠲᠠ ᠶᠢᠨ ᠲᠠᠷᠢᠶ᠎ᠠ︾᠎ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠬᠦᠷᠢᠶᠡᠯᠡᠩ ᠲᠣᠭᠤᠷᠢᠭ ᠤᠨ ᠰᠢᠨ᠎ᠡ ᠬᠡᠪ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ 6.57 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠠᠵᠤ ᠦᠢᠯᠡᠰ ᠤᠨ ᠬᠦᠷᠢᠶᠡᠯᠡᠩ ᠤᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠥᠪ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠪᠠ ᠥᠭᠡᠷᠡᠴᠢᠯᠡᠯᠲᠡ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠭᠠᠯ ᠤᠨᠲᠠᠷᠠᠭᠠᠬᠤ ᠣᠨᠴᠠ ᠦᠢᠯᠡᠴᠢᠯᠡᠭᠡᠨ ᠤ ᠥᠷᠲᠡᠭᠡ᠂ ᠠᠵᠤ ᠦᠢᠯᠡᠰ ᠤᠨ ᠬᠦᠷᠢᠶᠡᠯᠡᠩ ᠤᠨ ᠠᠶᠤᠯᠲᠠᠶ ᠬᠢᠮᠢ ᠶᠢᠨ ᠪᠣᠳᠠᠰ ᠤᠨ ᠲᠤᠰᠬᠠᠶ ᠬᠡᠷᠡᠭᠯᠡᠭᠡᠨ ᠤ ᠲᠡᠷᠭᠡᠨ ᠵᠣᠭᠰᠣᠭᠠᠯ᠂ ᠤᠶᠤᠨᠲᠤ ᠬᠦᠷᠢᠶᠡᠯᠡᠩ ᠲᠣᠭᠤᠷᠢᠭ ᠵᠡᠷᠭᠡ ᠲᠥᠷᠥᠯ ᠵᠦᠢᠯ ᠢ ᠪᠠᠶᠢᠭᠤᠯᠵᠤ᠂ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠠᠯᠬᠤᠮ ᠠᠯᠬᠤᠮ ᠢᠶᠠᠷ ᠨᠥᠬᠦᠪᠥᠷᠢᠯᠡᠪᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ︽ᠲᠤᠰᠬᠠᠶ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠢ ︽ᠳᠦᠷᠢᠮ ᠢᠶᠠᠷ ᠬᠥᠮᠥᠷᠭᠡ ᠳᠤ ᠣᠷᠣᠭᠤᠯᠬᠤ︾ ᠠᠵᠢᠯᠯᠠᠭ᠎ᠠ ᠦᠷᠨᠢᠭᠦᠯᠵᠦ᠂ ᠬᠡᠪᠴᠢᠶᠡᠵᠢᠯ ᠳᠤ ᠣᠷᠣᠭᠰᠠᠨ ᠠᠵᠤ ᠠᠬᠤᠶᠢᠯᠠᠯ ᠢ 4᠎ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠮᠦ ᠪᠦᠷᠢ ᠶᠢᠨ ᠳᠤᠮᠳᠠᠴᠢ ᠦᠷ᠎ᠡ ᠠᠰᠢᠭ ᠤᠨ ᠲᠠᠰ ᠬᠤᠪᠢᠶᠠᠨ ᠬᠠᠮᠢᠶᠠᠷᠬᠤ ᠶᠢ ᠬᠠᠶᠢᠨ ᠰᠦᠪᠡᠭᠴᠢᠯᠡᠵᠦ᠂ ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠠᠯᠪᠠᠳᠠᠵᠤ ᠪᠠᠶᠢᠭᠠᠳ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ ᠲᠥᠪ ᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠠᠷᠠᠯᠵᠢᠶ᠎ᠠ ᠬᠤᠳᠠᠯᠳᠤᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠵᠢᠦ ᠯᠦᠩ ᠣᠯᠠᠨ ᠤᠯᠤᠰ ᠤᠨ ᠠᠭᠤᠳᠠᠮ ᠲᠠᠯᠠᠪᠠᠢ᠂ ᠨᠢᠭᠡᠳᠦᠭᠡᠷ ᠪᠠᠷᠠᠭ᠎ᠠ ᠶᠢᠨ ᠭᠦᠢᠯᠭᠡᠭᠡᠨ ᠤ ᠣᠶᠤᠨᠴᠢ ᠵᠠᠰᠠᠮᠠᠯ ᠵᠠᠮ ᠤᠨ ᠭᠠᠷᠠᠮ᠂ ᠢ ᠯᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠲᠥᠷᠥᠯ ᠵᠦᠢᠯ ᠢ ᠪᠠᠶᠢᠭᠤᠯᠤᠨ ᠡᠵᠡᠩᠨᠡᠬᠦ ᠶᠢ ᠦᠨᠡᠨᠬᠦ ᠪᠠᠲᠤᠯᠠᠵᠤ᠂ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠣᠨᠴᠠᠯᠢᠭᠲᠤ ᠢᠳᠡᠭᠡᠨ ᠤᠮᠳᠠᠭᠠᠨ ᠤ ᠵᠡᠭᠡᠯᠢ ᠲᠣᠭᠤᠷᠢᠭ ᠢ ᠥᠭᠡᠷᠡᠴᠢᠯᠡᠨ  ᠳᠡᠭᠡᠭᠰᠢᠯᠡᠭᠦᠯᠵᠦ᠂ ᠣᠨᠴᠠᠯᠢᠭᠲᠤ ᠳᠥᠭᠦᠮ ᠢᠳᠡᠭᠡᠨ ᠪᠠ ᠤᠯᠠᠮᠵᠢᠯᠠᠯᠲᠤ ᠠᠮᠲᠠᠲᠤ ᠢᠳᠡᠭᠡᠨ ᠤ ᠲᠦᠷᠤᠯ ᠵᠤᠶᠢᠯ ᠢ ᠭᠠᠷᠭᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠠᠷᠠᠯᠵᠢᠶ᠎ᠠ ᠬᠤᠳᠠᠯᠳᠤᠭᠠᠨ ᠤ ᠨᠡᠷᠡᠲᠦ ᠲᠥᠷᠥᠯ ᠲᠡᠮᠳᠡᠭᠲᠦ ᠶᠢ ᠢᠳᠡᠪᠬᠢᠲᠡᠶ ᠪᠠᠷ ᠣᠷᠣᠭᠤᠯᠵᠤ ᠢᠷᠡᠨ᠂ ᠰᠠᠭᠤᠭᠠᠯᠢ ᠠᠷᠠᠳ ᠤᠨ ᠬᠡᠷᠡᠭᠯᠡᠭᠡᠨ ᠤ ᠰᠣᠩᠭᠤᠯᠲᠠ ᠪᠠ ᠬᠡᠷᠡᠭᠯᠡᠭᠡᠨ ᠤ ᠬᠡᠷᠡᠭᠴᠡᠭᠡ ᠶᠢ ᠥᠷᠭᠡᠳᠬᠡᠨ᠎ᠡ᠃ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠥᠬᠦ ᠣᠷᠣᠨ ᠪᠦᠰᠡ ᠶᠢᠨ ᠵᠢᠭᠤᠯᠴᠢᠯᠠᠯ᠂ ᠪᠥᠬᠦ ᠴᠠᠭ ᠤᠨ ᠵᠢᠭᠤᠯᠴᠢᠯᠠᠯ ᠢ ᠦᠷᠭᠦᠯᠵᠢᠯᠡᠨ ᠪᠣᠶ ᠪᠣᠯᠭᠠᠵᠤ᠂ ᠵᠢᠭᠤᠯᠴᠢᠯᠠᠯ ᠤᠨ ᠲᠥᠪᠯᠡᠷᠡᠭᠰᠡᠨ ᠣᠷᠣᠨ ᠵᠢᠴᠢ ᠰᠣᠳᠣᠨ ᠵᠡᠭᠡᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠣᠨᠴᠠᠯᠢᠭᠲᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠲᠤᠰᠬᠠᠶ ᠡᠵᠡᠩᠨᠡᠯᠲᠡ ᠶᠢᠨ ᠳᠡᠯᠭᠡᠭᠦᠷ ᠢ ᠨᠡᠭᠡᠭᠡᠨ᠎ᠡ᠃ ᠦᠬᠠᠶ ᠶᠢᠨ ︽ᠡᠵᠢ ᠭᠤᠤᠯ ᠤᠨ ᠵᠤᠭᠠᠴᠠᠯ︾᠎ ᠤᠨ ᠮᠠᠷᠠᠰᠤᠨ ᠤᠷᠤᠯᠳᠤᠭᠠᠨ ᠤ ᠵᠠᠮ ᠤᠨ ᠲᠥᠷᠥᠯ ᠵᠦᠢᠯ᠂ ᠠᠭᠤᠯᠠ ᠮᠦᠷᠡᠨ ᠬᠤᠲᠠ ᠲᠠᠢ ᠬᠤᠯᠪᠤᠭᠰᠠᠨ ᠠᠮᠢᠵᠢᠷᠠᠯ ᠤᠨ ᠬᠦᠴᠦᠨ ᠲᠠᠢ ᠵᠢᠭᠤᠯᠴᠢᠯᠠᠯ ᠤᠨ ᠡᠷᠡᠭᠦᠯ ᠮᠡᠨᠳᠦ ᠶᠢᠨ ᠶᠠᠪᠠᠭᠠᠨ ᠵᠠᠮ ᠤᠨ ᠢᠨᠵᠧᠨᠧᠷᠢᠩ᠂ ᠬᠠᠶᠢᠷᠤᠪ ᠤᠨ ᠲᠣᠬᠤᠢ ᠲᠣᠭᠤᠷᠢᠭ ᠤᠨ ᠪᠡᠶ᠎ᠡ ᠶᠢᠨ ᠲᠠᠮᠢᠷ ᠤᠨ ᠣᠷᠳᠣᠨ ᠢ ᠥᠭᠡᠷᠡᠴᠢᠯᠡᠬᠦ ᠢᠨᠵᠧᠨᠧᠷᠢᠩ ᠤᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠦᠵᠦᠮ ᠤᠨ ᠠᠵᠤ ᠦᠢᠯᠡᠰ ᠤᠨ ᠲᠡᠤᠬᠡ ᠰᠣᠶᠣᠯ ᠤᠨ ᠦᠵᠡᠰᠬᠦᠯᠡᠩ ᠤᠨ ᠣᠷᠳᠣᠨ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠪᠠᠷ ᠳᠠᠮᠵᠢᠭᠤᠯᠤᠨ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠴᠢᠨᠠᠷ ᠰᠠᠶᠢᠲᠠᠶ ᠦᠢᠯᠡᠳᠬᠦᠨ ᠤ ᠳᠡᠯᠭᠡᠨ ᠪᠣᠷᠣᠯᠠᠭᠤᠯᠤᠯᠲᠠ᠂ ᠮᠠᠰᠢᠨ ᠲᠡᠷᠭᠡᠨ ᠤ ᠬᠡᠷ ᠤᠨ ᠴᠠᠬᠢᠯᠭᠠᠨ ᠬᠡᠷᠡᠭᠰᠡᠯ᠂ ᠢᠳᠡᠭᠡᠨ ᠤᠮᠳᠠᠭᠠᠨ ᠤ ᠵᠢᠵᠢᠭᠯᠡᠨ ᠬᠤᠳᠠᠯᠳᠤᠬᠤ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠶᠡᠭᠡ ᠬᠡᠮᠵᠢᠶᠡᠨ ᠤ ᠬᠡᠷᠡᠭᠯᠡᠭᠡ᠂ ᠭᠤᠤᠯᠳᠠᠯᠭ᠎ᠠ ᠲᠠᠢ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠬᠦ ᠨᠡᠮᠡᠭᠳᠡᠯ ᠤᠨ ᠬᠡᠮᠵᠢᠶ᠎ᠡ ᠶᠢ ᠠᠬᠢᠭᠤᠯᠤᠨ᠎ᠠ᠃ ᠸᠠᠨ ᠳ᠋ᠠ ᠠᠭᠤᠳᠠᠮ ᠲᠠᠯᠠᠪᠠᠢ ᠵᠡᠷᠭᠡ ᠬᠤᠳᠠᠯᠳᠤᠭᠠᠨ ᠤ ᠬᠦᠷᠢᠶᠡᠨ ᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠰᠥᠨᠢ ᠶᠢᠨ ᠠᠵᠤ ᠠᠬᠤᠢ᠂ ᠲᠦᠷᠦᠭᠦᠦ ᠳᠡᠯᠭᠡᠭᠦᠷ ᠤᠨ ᠠᠵᠤ ᠠᠬᠤᠢ᠂ ᠰᠦᠯᠵᠢᠶᠡᠨ ᠤ ᠤᠲᠤ ᠶᠢᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ᠎ᠡ᠃ ᠲᠥᠪ ᠲᠣᠭᠤᠭᠠᠨ ᠭᠡᠷ᠂ ᠠᠳᠠᠯᠢ ᠬᠤᠲᠠ ᠳᠤ ᠲᠣᠬᠢᠷᠠᠭᠤᠯᠤᠨ ᠬᠦᠷᠭᠡᠬᠦ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠠᠷ ᠬᠥᠮᠥᠵᠢᠭᠦᠯᠵᠦ᠂ ᠣᠯᠠᠨ ᠲᠦᠮᠡᠨ ᠤ ᠴᠢᠨᠠᠷᠵᠢᠬᠤ᠂ ᠣᠯᠠᠨ ᠡᠰᠢᠵᠢᠬᠦ᠂ ᠳᠥᠭᠦᠮ ᠲᠥᠳᠡ ᠪᠣᠯᠭᠠᠬᠤ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠣᠳᠣ ᠦᠶ᠎ᠡ ᠶᠢᠨ ᠣᠨᠴᠠᠯᠢᠭ ᠲᠠᠢ ᠲᠠᠷᠢᠶᠠᠯᠠᠩ ᠢ ᠬᠦᠴᠦᠷᠬᠡᠭᠵᠢᠭᠦᠯᠦᠨ᠎ᠡ᠃ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠬᠦ‍ ᠨᠢᠭᠡ ᠪᠦᠯᠦᠭ ᠲᠥᠷᠥᠯ ᠵᠦᠢᠯ ᠢ ᠲᠥᠯᠥᠪᠯᠡᠨ ᠬᠡᠷᠡᠭᠵᠢᠭᠦᠯᠵᠦ᠂ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠦᠵᠦᠮ ᠤᠨ ᠦᠷ᠎ᠡ ᠪᠤᠶᠢᠵᠢᠭᠤᠯᠬᠤ ᠵᠡᠷᠭᠡ ᠰᠠᠭᠤᠷᠢ ᠴᠢᠨᠠᠷᠲᠠᠢ ᠰᠤᠳᠤᠯᠭᠠᠨ ᠵᠢᠴᠢ ᠭᠤᠣᠯᠳᠠᠯᠭ᠎ᠠ ᠲᠠᠢ ᠲᠦᠷᠦᠯ ᠵᠦᠢᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠡᠮᠵᠢᠯᠭᠡ ᠦᠵᠡᠭᠦᠯᠦᠨ᠎ᠡ᠃ ᠲᠠᠷᠢᠶᠠᠯᠠᠩ ᠤᠨ ᠠᠵᠤ ᠦᠢᠯᠡᠰ ᠤᠨ ᠲᠥᠷᠥᠯ ᠵᠦᠢᠯ ᠢ ᠠᠬᠢᠭᠤᠯᠵᠤ᠂ ᠶᠦᠨ ᠹᠸᠢ ᠵᠢᠮᠢᠰ ᠤᠨ ᠰᠢᠭᠦᠰᠦ᠂ ᠲᠣᠣᠷᠯᠢᠭ ᠠᠷ ᠲᠠᠢ ᠠᠮᠲᠠᠲᠤ ᠬᠡᠮᠬᠡ ᠶᠢᠨ ᠪᠠᠷᠢᠮᠵᠢᠶᠠᠵᠢᠭᠤᠯᠤᠭᠰᠠᠨ ᠲᠠᠷᠢᠮᠠᠯ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢ ᠲᠦᠷᠭᠡᠳᠬᠡᠨ ᠪᠠᠶᠢᠭᠤᠯᠤᠨ᠎ᠠ᠃ ᠬᠠᠨ ᠰᠧᠨ ᠂  ᠮᠦᠩᠭᠡᠨ ᠬᠤᠸᠠᠷ᠂ ᠶᠦᠨ ᠹᠸᠢ ᠵᠡᠷᠭᠡ ᠨᠠᠷᠠᠲᠤ ᠲᠥᠷᠥᠯ ᠲᠡᠮᠳᠡᠭᠲᠦ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠶᠢ ᠨᠢᠭᠡ ᠴᠤᠭᠴᠠᠵᠢᠭᠤᠯᠬᠤ ᠲᠠᠪᠴᠠᠩ᠂ ᠡᠯᠡᠰᠦᠨ ᠴᠦᠯ ᠤᠨ ᠦᠵᠦᠮ ᠤᠨ ᠠᠷᠢᠬᠢ ᠶᠢᠨ ᠮᠦᠽᠧᠶ ᠶᠢᠨ ᠰᠡᠯᠡᠭᠦᠴᠡᠯ ᠤᠨ ᠦᠵᠡᠭᠦᠯᠦᠯᠭᠡ ᠶᠢᠨ ᠲᠢᠩᠬᠢᠮ᠂ ᠰᠣᠶᠣᠯ ᠤᠨ ᠠᠮᠢᠳᠤᠷᠠᠯ ᠢ ᠣᠶᠢᠯᠠᠭᠠᠬᠤ ᠣᠷᠳᠣᠨ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠡᠪᠴᠢᠶ᠎ᠡ ᠶᠢ ᠪᠤᠵᠠᠭᠠᠶᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠲᠤᠯᠠᠨ᠎ᠠ ᠃      ︵ᠲᠦᠷᠪᠡ︶ ᠬᠤᠳᠠ ᠶᠢᠨ ᠰᠢᠨᠡᠴᠢᠯᠡᠯᠲᠡ ᠶᠢ ᠲᠣᠭᠲᠠᠭᠠᠵᠤ᠂ ᠬᠤᠳᠠ ᠶᠢᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢᠨ ᠬᠤᠷᠳᠤᠴᠠ ᠶᠢ ᠳᠠᠬᠢᠨ ᠲᠦᠷᠭᠡᠳᠬᠡᠬᠦ ᠶᠢ ᠠᠬᠢᠭᠤᠯᠵᠤ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠡᠮᠦᠨᠡᠲᠦ ᠬᠡᠰᠡᠭ ᠤᠨ ᠬᠤᠲᠠ ᠶᠢᠨ ᠲᠣᠭᠤᠷᠢᠭ ᠤᠨ ᠶᠡᠷᠦᠩᠬᠡᠶᠢᠯᠡᠭᠰᠡᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠨ ᠠᠬᠢᠭᠤᠯᠵᠤ᠂ 48 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠠ 2 ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠨᠤᠷᠠᠭᠠᠵᠤ ᠨᠡᠭᠦᠯᠭᠡᠬᠦ ᠦᠯᠡᠳᠡᠭᠳᠡᠯ ᠠᠰᠠᠭᠤᠳᠠᠯ ᠢ ᠰᠢᠢᠳᠪᠦᠷᠢᠯᠡᠨ᠎ᠡ᠃ ᠤᠷᠠᠨ ᠳᠠᠷᠬᠠᠨ ᠤ ᠰᠡᠳᠭᠢᠯ ︽ᠪᠢᠴᠢᠯ ᠴᠡᠴᠡᠷᠯᠢᠭ︾᠎ ᠢ ᠪᠠᠢᠭᠤᠯᠵᠤ᠂ ᠠᠷᠠᠳ ᠢᠷᠭᠡᠳ ᠢ ︽ᠴᠣᠩᠬᠤ ᠪᠠᠨ ᠨᠡᠭᠡᠭᠡᠮᠡᠭᠴᠡ ᠨᠣᠭᠤᠭᠠᠨ ᠥᠩᠭᠡ ᠶᠢ ᠣᠯᠵᠤ ᠬᠠᠷᠠᠨ᠂  ᠭᠠᠳᠠᠭᠰᠢ ᠭᠠᠷᠮᠠᠭᠴᠠ ᠴᠡᠴᠡᠷᠯᠢᠭ ᠲᠤ  ᠤᠷᠬᠤ︾ ᠪᠣᠯᠭᠠᠨ᠎ᠠ᠃ ᠬᠤᠲᠠ ᠬᠥᠳᠡᠭᠡ ᠶᠢᠨ 6093 ᠡᠷᠦᠬᠡ ᠰᠠᠭᠤᠭᠠᠯᠢ ᠠᠷᠠᠳ ᠤᠨ ᠴᠡᠪᠡᠷ ᠡᠨᠧᠷᠭᠢ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠴᠡᠪᠡᠷ ᠳᠤᠯᠠᠭᠠᠯᠠᠭ᠎ᠠ ᠶᠢᠨ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠬᠤᠲᠠ ᠶᠢᠨ ᠵᠠᠮ ᠢ ᠳᠡᠰ ᠳᠡᠪᠰᠢᠭᠦᠯᠦᠨ ᠥᠭᠡᠷᠡᠴᠢᠯᠡᠬᠦ 3 ᠵᠣᠷᠪᠤᠰ ᠢ ᠬᠡᠷᠡᠭᠵᠢᠭᠦᠯᠵᠦ᠂ 2 ᠵᠣᠷᠪᠤᠰ ᠵᠠᠮ ᠢ ᠰᠢᠨ᠎ᠡ ᠪᠠᠷ ᠪᠠᠶᠢᠭᠤᠯᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠢ ᠪᠦᠬᠦᠨ ᠢ ᠬᠠᠮᠤᠷᠴᠤ᠂ ᠵᠠᠮ ᠬᠠᠷᠢᠯᠴᠠᠭᠠᠨ ᠤ ᠳᠤᠲᠠᠭᠤᠳᠠᠯ ᠢ ᠨᠥᠬᠦᠪᠥᠷᠢᠯᠡᠨ᠎ᠡ︔ ᠪᠣᠷᠣᠭᠠᠨ ᠤ ᠤᠰᠤ ᠪᠣᠬᠢᠷ ᠤᠰᠤ᠂ ᠢᠯᠴᠢ ᠶᠢᠨ ᠬᠦᠴᠦᠨ᠂ ᠰᠢᠲᠠᠮᠠᠬᠠᠶ ᠬᠡᠢ ᠶᠢᠨ ᠬᠤᠭᠤᠯᠠᠶ ᠶᠢᠨ ᠲᠣᠤᠷ ᠢ ᠵᠡᠭᠡᠯᠢ ᠭᠤᠳᠤᠮᠵᠢ ᠳᠤ ᠥᠭᠡᠷᠡᠴᠢᠯᠡᠬᠦ ᠶᠢ ᠠᠬᠢᠭᠤᠯᠵᠤ᠂ ᠬᠤᠲᠠ ᠶᠢᠨ ᠵᠠᠮ ᠤᠨ ᠲᠣᠤᠷ᠂ ᠬᠤᠭᠤᠯᠠᠶ ᠶᠢᠨ ᠲᠣᠤᠷ ᠤᠨ ᠨᠡᠪᠲᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠲᠡᠷᠭᠡᠨ ᠵᠣᠭᠰᠤᠭᠠᠯ᠂ ᠨᠡᠶᠢᠲᠡ ᠶᠢᠨ ᠵᠣᠷᠯᠤᠩ ᠵᠡᠷᠭᠡ ᠰᠠᠭᠤᠷᠢ ᠲᠥᠬᠦᠭᠡᠷᠥᠮᠵᠢ ᠶᠢ ᠨᠢᠭᠡᠲᠦᠯᠲᠡᠢ ᠲᠥᠯᠥᠪᠯᠡᠨ ᠪᠠᠶᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠬᠤᠲᠠ ᠶᠢᠨ ᠬᠠᠮᠢᠶᠠᠷᠤᠯᠲᠠ ᠶᠢ ᠲᠣᠭᠠᠴᠢᠯᠠᠬᠤ᠂ ᠲᠣᠣᠷᠵᠢᠭᠤᠯᠬᠤ᠂ ᠨᠠᠷᠢᠯᠢᠭᠵᠢᠭᠤᠯᠬᠤ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠪᠦᠬᠦ ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠣᠷᠣᠨ ᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ᠃      ︵ᠲᠠᠪᠤ︶ ᠦᠨᠳᠦᠰᠦᠨ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠣᠯᠠᠨ ᠤ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢ ᠪᠠᠲᠤᠳᠬᠠᠪᠠ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠦᠢᠯᠡᠴᠢᠯᠡᠭᠡᠨ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠤᠲᠠ ᠪᠠᠯᠭᠠᠰᠤ ᠶᠢᠨ ᠠᠵᠢᠯ ᠣᠯᠤᠭᠰᠠᠳ ᠢ 2000 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠠᠵᠢᠯ ᠠᠯᠳᠠᠭᠰᠠᠳ ᠢ ᠳᠠᠩᠰᠠᠯᠠᠬᠤ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠬᠠᠷᠠᠯᠲᠠ ᠶᠢᠨ ᠬᠡᠪᠴᠢᠶᠡᠨ ᠳᠤ ᠬᠢᠵᠠᠭᠠᠷᠯᠠᠬᠤ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠬᠥᠮᠦᠰ ᠤᠨ ᠳᠠᠭᠠᠳᠬᠠᠯ ᠳᠤ ᠣᠷᠣᠯᠴᠠᠬᠤ ᠪᠦᠷᠬᠦᠴᠡ ᠶᠢ ᠥᠷᠭᠡᠳᠬᠡᠨ᠎ᠡ᠃ ︽ᠨᠠᠰᠤᠲᠠᠶᠢᠴᠤᠳ ᠪᠠ ᠨᠢᠯᠬᠠᠰ︾᠎ ᠤᠨ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠨ᠎ᠡ᠃ ᠴᠠᠯᠢᠩ ᠥᠷᠢᠲᠦᠬᠦ ᠶᠢ ᠪᠦᠬᠦ ᠬᠦᠴᠦᠨ ᠢᠶᠠᠷ ᠢᠶᠠᠨ ᠦᠨᠳᠦᠰᠦᠨ ᠠᠴᠠ ᠨᠢ ᠵᠠᠰᠠᠵᠤ᠂ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠶ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠠᠵᠢᠯ ᠢ ᠪᠣᠳᠠᠲᠠᠢ ᠨᠠᠷᠢᠯᠢᠭ ᠬᠢᠬᠦ ᠬᠡᠷᠡᠭᠲᠡᠢ᠃ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠦᠬᠠᠶ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠢᠨ ᠾᠧ ᠰᠤᠷᠭᠠᠭᠤᠯᠢ ᠶᠢᠨ ᠲᠣᠭᠤᠷᠢᠭ᠂ ᠯᠢᠨ ᠶᠢᠨ ᠪᠠᠭ᠎ᠠ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂  ᠶᠢᠰᠤᠳᠤᠭᠡᠷ ᠪᠠᠭ᠎ᠠ ᠰᠤᠷᠭᠠᠭᠤᠯᠢ᠂ ᠪᠢᠨ ᠾᠧ ᠪᠠᠭ᠎ᠠ ᠰᠤᠷᠭᠠᠭᠤᠯᠢ ᠵᠡᠷᠭᠡ ᠭᠦᠶᠦᠯᠲᠡ ᠶᠢᠨ ᠵᠠᠮ ᠢ ᠰᠡᠯᠪᠢᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ︽ᠬᠤᠶᠠᠷ ᠢ ᠬᠦᠩᠬᠡᠷᠡᠭᠦᠯᠬᠦ︾  ︽ᠲᠠᠪᠤᠨ ᠵᠦᠢᠯ ᠤᠨ ᠬᠠᠮᠢᠶᠠᠷᠤᠯᠲᠠ︾᠎ ᠶᠢ ᠪᠠᠶᠢᠩᠭᠤᠵᠢᠭᠤᠯᠤᠨ ᠥᠷᠨᠢᠭᠦᠯᠦᠨ᠎ᠡ᠃  ᠪᠠᠭᠰᠢ᠂ ᠰᠤᠷᠭᠠᠭᠤᠯᠢ ᠶᠢᠨ ᠵᠠᠬᠢᠷᠤᠯ᠂ ᠵᠢᠭᠠᠨ ᠰᠤᠳᠤᠯᠬᠤ ᠠᠵᠢᠯᠲᠠᠨ᠂ ᠠᠩᠭᠢ ᠶᠢᠨ ᠡᠷᠬᠢᠯᠡᠭᠴᠢ ︽ᠳᠥᠷᠪᠡᠨ ᠡᠩᠨᠡᠭᠡ︾᠎ ᠶᠢ ᠰᠠᠶᠢᠲᠤᠷ ᠪᠠᠶᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ︽ᠡᠷᠡᠭᠦᠯ ᠡᠩᠬᠡ ᠬᠠᠶᠢᠷᠤᠪ ᠤᠨ ᠲᠣᠬᠤᠶ︾᠎ ᠶᠢ ᠪᠥᠲᠥᠭᠡᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠠᠬᠢᠭᠤᠯᠵᠤ᠂ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠮᠵᠢ ᠶᠢ ᠥᠷᠭᠡᠳᠬᠡᠬᠦ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠡ᠃ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠬᠦᠴᠦᠯᠡᠨ ᠰᠠᠶᠢᠲᠤᠷ ᠠᠳᠬᠤᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃         ︵ᠵᠢᠷᠭᠤᠭ᠎ᠠ︶ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠰᠠᠶᠢᠲᠤᠷ ᠠᠳᠬᠤᠨ᠎ᠠ᠃ ︽ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠎ ᠶᠢ ᠭᠦᠨᠵᠡᠭᠡᠶ ᠠᠬᠢᠭᠤᠯᠵᠤ᠂ ︽ᠮᠥᠩᠬᠡ ᠰᠣᠪᠠᠭ · ᠳᠥᠷᠪᠡ ᠶᠢ ᠬᠦᠢᠴᠡᠳᠭᠡᠬᠦ︾ ᠦᠢᠯᠡᠴᠢᠯᠡᠭᠡ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠬᠦᠢᠴᠡᠳᠭᠡᠬᠦ︾᠎ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠠᠵᠢᠯ ᠶᠠᠪᠤᠳᠠᠯ ᠬᠦᠢᠴᠡᠳᠬᠡᠬᠦ ᠦᠷ᠎ᠡ ᠪᠦᠲᠦᠮᠵᠢ ᠪᠠ ᠦᠢᠯᠡᠴᠢᠯᠡᠬᠡᠨ ᠤ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠨᠠᠩ ᠣᠯᠠᠨ ᠵᠦᠢᠯᠡᠰ ᠢ ︽ᠬᠦᠢᠴᠡᠳᠬᠡᠵᠦ ᠪᠣᠯᠬᠤ︾᠎ ᠠᠴᠠ ︽ᠬᠦᠢᠴᠡᠳᠬᠡᠬᠦ ᠳᠤ ᠳᠦᠬᠦᠮ︾ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ ᠤᠯᠤᠰ ᠤᠨ ᠥᠮᠴᠢᠯᠡᠯ ᠤᠨ ᠠᠵᠤ ᠠᠬᠤᠢᠯᠠᠯ ᠤᠨ ᠳᠠᠯᠳᠠ ᠴᠢᠳᠠᠪᠤᠷᠢ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ ᠃ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ︽ᠤᠯᠠᠭᠠᠨ ᠬᠠᠷ᠎ᠠ ᠳᠠᠩᠰᠠ︾᠎ ᠶᠢᠨ ᠳᠦᠷᠢᠮ ᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠬᠠᠤᠯᠢ ᠶᠢ ᠰᠠᠬᠢᠵᠤ ᠡᠵᠡᠩᠨᠡᠬᠦ ᠶᠢ ᠰᠢᠮᠳᠠᠭᠤᠯᠬᠤ ᠬᠡᠷᠡᠭᠲᠡᠶ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠢᠳᠡᠪᠬᠢᠲᠡᠢ ᠪᠣᠢ ᠪᠣᠯᠭᠠᠨ᠎ᠠ᠃ ᠲᠤᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠎ᠡ᠃ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠡᠮᠬᠢᠯᠡᠨ ᠨᠡᠶᠢᠯᠡᠭᠦᠯᠬᠦ ᠡᠷᠴᠢᠮ ᠢ ᠢᠳᠡᠪᠬᠢᠲᠡᠶ ᠠᠬᠢᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠨ ᠵᠠᠰᠠᠯᠲᠠ ᠶᠢᠨ ᠵᠠᠭᠪᠤᠷ ᠪᠠ ᠦᠢᠯᠡᠴᠢᠯᠡᠭᠡᠨ ᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢ ᠶᠡᠬᠡᠪᠡᠷ ᠬᠥᠭᠵᠢᠭᠦᠯᠬᠦ ᠬᠡᠷᠡᠭᠲᠡᠶ᠃ ᠬᠤᠳᠠᠯᠳᠤᠭ᠎ᠠ ᠶᠢ ᠴᠢᠬᠤᠯᠠᠴᠢᠯᠠᠬᠤ᠂ ᠬᠤᠳᠠᠯᠳᠤᠭ᠎ᠠ ᠶᠢ ᠳᠣᠲᠣᠨᠣᠴᠢᠯᠠᠬᠤ᠂ ᠬᠤᠳᠠᠯᠳᠤᠭ᠎ᠠ ᠶᠢ ᠠᠮᠤᠷᠵᠢᠭᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠬᠡ ᠲᠡᠭᠰᠢ ᠪᠠᠷ ᠥᠷᠢᠰᠦᠯᠳᠦᠬᠦ ᠬᠠᠤᠯᠢᠵᠢᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠬᠦᠷᠭᠡᠬᠦ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ ᠬᠡᠷᠡᠭᠲᠡᠢ᠃    ︵ᠳᠣᠯᠤᠭ᠎ᠠ︶ ᠠᠶᠤᠯ ᠲᠦᠭᠰᠢᠭᠦᠷᠢ ᠶᠢᠨ ᠳᠠᠯᠳᠠ ᠭᠡᠮ ᠢ ᠠᠷᠢᠯᠭᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠠᠬᠢᠭᠤᠯᠬᠤ ᠬᠡᠷᠡᠭᠲᠡᠶ᠃ ︽ᠭᠤᠷᠪᠠ ᠶᠢ ᠪᠠᠲᠤᠯᠠᠬᠤ︾  ᠵᠠᠷᠤᠯᠭ᠎ᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠤᠯᠠᠭᠠᠨ ᠱᠤᠭᠤᠮ ᠠᠴᠠ ᠤᠬᠤᠷᠢᠨ ᠭᠠᠷᠴᠤ᠂ ᠥᠷᠢ ᠥᠭᠴᠡᠭᠡ ᠶᠢᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠨ᠎ᠠ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠵᠦ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠪᠠᠷᠢᠯᠭ᠎ᠠ ᠶᠢᠨ ᠭᠠᠵᠠᠷ᠂ ᠵᠠᠮ ᠬᠠᠷᠢᠯᠴᠠᠭ᠎ᠠ ᠲᠡᠭᠡᠭᠡᠪᠦᠷᠢ ᠵᠢᠴᠢ ᠠᠶᠤᠯᠲᠠᠢ ᠬᠢᠮᠢ ᠶᠢᠨ ᠪᠣᠳᠠᠰ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ ᠃ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠳᠠᠮᠵᠢ ᠨᠢ ᠲᠡᠭᠦᠯᠳᠡᠷ᠂ ᠲᠤᠰᠬᠠᠯ ᠲᠦᠷᠭᠡᠨ᠂ ᠪᠠᠲᠤᠯᠠᠭ᠎ᠠ ᠨᠢ ᠬᠦᠴᠦᠨ ᠲᠡᠭᠦᠯᠳᠡᠷ ᠪᠠᠴᠢᠮ ᠪᠠᠶᠢᠳᠠᠯ ᠢ ᠠᠷᠭᠠᠴᠠᠬᠤ ᠳᠠᠬᠢ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠬᠦᠨᠳᠦ ᠶᠡᠭᠡ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠵᠤ ᠪᠣᠷᠣᠯᠠᠭᠤᠯᠤᠭᠰᠠᠨ ᠬᠡᠷᠡᠭ ᠢ ᠲᠦᠷᠭᠡᠳᠬᠡᠨ ᠠᠬᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠱᠠᠲᠤᠨ ᠤ ᠲᠡᠭᠦᠰᠬᠡᠯ ᠤᠨ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ︔ ᠢᠳᠡᠭᠡᠨ ᠤ ᠦᠢᠯᠡᠳᠪᠦᠷᠢᠯᠡᠯ᠂ ᠭᠦᠢᠯᠭᠡᠭᠡ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠭᠤᠭᠴᠤᠭ᠎ᠠ ᠶᠢ ᠴᠢᠩᠭ᠎ᠠ ᠠᠩᠬᠠᠷᠴᠤ᠂ ︽ᠭᠤᠷᠪᠠᠨ ᠦᠢᠯᠡᠳᠬᠦᠨ ᠨᠢᠭᠡ ᠪᠠᠭᠠᠵᠢ︾᠎ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠰᠠᠬᠢᠨ ᠬᠠᠮᠠᠭᠠᠯᠠᠨ᠎ᠠ᠃ ᠰᠢᠨ᠎ᠡ ᠴᠠᠭ ᠦᠶ᠎ᠡ ᠶᠢᠨ ᠹᠧᠩ ᠴᠢᠶᠣᠤ ᠶᠢᠨ ᠲᠤᠷᠰᠢᠯᠭ᠎ᠠ ᠶᠢ ᠦᠢᠯᠡᠳᠦᠯᠭᠡᠵᠢᠭᠦᠯᠵᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ᠂ ᠵᠢᠭᠰᠠᠭᠠᠨ ᠪᠠᠶᠢᠴᠠᠭᠠᠵᠤ ᠡᠮᠬᠢᠯᠡᠬᠦ᠂ ᠵᠢᠭᠤᠷᠠᠯᠳᠤᠭᠠᠨ ᠢ ᠠᠷᠢᠯᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠪᠠᠬᠢ ᠪᠤᠢ ᠪᠣᠯᠭᠠᠨ᠎ᠠ᠃    ᠡᠭᠦᠨ ᠤ ᠬᠠᠮᠲᠤ᠂ ᠪᠢᠳᠡ ᠪᠠᠰᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ ᠂ ᠠᠵᠢᠯᠴᠢᠨ ᠵᠠᠯᠠᠭᠤᠴᠤᠳ ᠡᠮᠡᠭᠲᠡᠶᠢᠴᠦᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠡᠯ᠎ᠡ ᠵᠤᠶᠢᠯ ᠤᠨ ᠠᠵᠢᠯ ᠢ ᠳᠡᠮᠵᠢᠨ᠎ᠡ︔ ᠲᠤᠭ᠎ᠠ ᠪᠦᠷᠢᠳᠬᠡᠯ ᠬᠢᠨᠠᠨ ᠪᠤᠳᠤᠯᠲᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠡᠯ᠎ᠡ ᠵᠤᠶᠢᠯ ᠤᠨ ᠠᠵᠢᠯ ᠢ ᠴᠢᠩᠭᠠᠳᠬᠠᠵᠤ᠂ ᠨᠡᠶᠢᠭᠡᠮ ᠤᠨ ᠡᠯ᠎ᠡ ᠵᠤᠶᠢᠯ ᠤᠨ ᠤᠶᠢᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ       ᠰᠢᠨ᠎ᠡ ᠠᠶᠠᠨ ᠵᠠᠮ᠂ ᠰᠢᠨ᠎ᠡ ᠡᠭᠦᠷᠭᠡ ᠬᠠᠷᠢᠭᠤᠴᠠᠯᠭ᠎ᠠ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠠᠢ᠃ ᠪᠢᠳᠡ ︽ᠭᠤᠷᠪᠠᠨ ᠡᠷᠬᠡᠪᠰᠢ︾᠎ ᠶᠢ ᠪᠠᠲᠤ ᠴᠡᠭᠡᠵᠢᠯᠡᠵᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ᠂ ᠵᠠᠰᠠᠯᠲᠠ ᠶᠢᠨ ᠴᠢᠳᠠᠪᠤᠷᠢ᠂ ᠦᠢᠯᠡᠴᠢᠯᠡᠭᠡᠨ ᠤ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠵᠣᠷᠢᠭ ᠰᠠᠨᠠᠭ᠎ᠠ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ᠂ ᠰᠢᠷᠭᠠᠭᠤ ᠬᠠᠲᠠᠭᠤᠵᠢᠯᠲᠠᠢ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠢ᠃      ︵ᠨᠢᠭᠡ ︶ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠎ᠡ᠃ ︽ᠬᠤᠶᠠᠷ ᠢ ᠲᠣᠭᠲᠠᠭᠠᠬᠤ︾  ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠦᠨᠡᠨᠬᠦ ᠪᠡᠶᠡᠯᠡᠭᠦᠯᠬᠦ  ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠪᠠ ᠪᠦᠬᠦ ᠶᠠᠪᠤᠴᠠ ᠳᠤ ᠲᠤᠤᠱᠯᠠᠭᠤᠯᠬᠤ ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠡᠷᠦᠩᠬᠡᠶᠢᠯᠡᠨ ᠵᠢᠯᠣᠭᠤᠳᠴᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠪᠠᠷ ᠤᠯᠤᠰ ᠲᠦᠷᠦ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠢᠯᠡᠷᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠵᠢᠯ ᠤᠨ ᠦᠷ᠎ᠡ ᠪᠦᠲᠦᠮᠵᠢ ᠳᠤᠮᠳᠠ ᠪᠠᠨ ᠢᠯᠡᠷᠡᠭᠦᠯᠬᠦ ᠬᠡᠷᠡᠭᠲᠡᠢ᠃      ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠤᠡᠭᠡᠨ᠎ᠡ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠪᠠᠲᠤ ᠬᠡᠷᠡᠭᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠂ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠤᠡᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠬᠡᠬᠦ ᠬᠡᠷᠡᠭᠲᠡᠢ᠃      ︵ᠭᠤᠷᠪᠠ︶ ᠠᠷᠠᠳ ᠲᠦᠮᠡᠨ ᠤ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠤᠭ ᠰᠠᠨᠠᠭ᠎ᠠ ᠪᠠᠨ  ᠤᠶᠢᠯᠡᠳᠤᠯᠭᠡᠵᠢᠭᠦᠯᠤᠨ᠎ᠡ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠲᠤᠳᠬᠠᠵᠤ᠂ ᠢᠮᠠᠭᠲᠠ ᠤᠯᠠᠨ ᠲᠦᠮᠡᠨ ᠤ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠨ᠂ ᠤᠴᠢᠷ ᠶᠠᠪᠤᠳᠠᠯ ᠢ ᠰᠢᠢᠳᠪᠦᠷᠢᠯᠡᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠴᠠᠭ ᠢᠮᠠᠭᠲᠠ ᠬᠠᠷᠢᠭᠤᠯᠲᠠ ᠥᠭᠴᠦ᠂ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠢᠢᠤᠡᠪᠤᠷᠢᠯᠡᠨ᠎ᠡ᠃      ︵ᠲᠦᠷᠪᠡ︶ ᠦᠨᠡᠨ ᠬᠦ ᠠᠳᠬᠤᠨ ᠪᠣᠳᠠᠲᠠᠢ ᠠᠵᠢᠯᠯᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠎ᠡ᠃ ᠪᠣᠳᠠᠲᠠᠢ ᠪᠠᠶᠢᠬᠤ ᠪᠠᠷ ᠭᠤᠣᠯᠳᠠᠯᠭ᠎ᠠ ᠪᠣᠯᠭᠠᠬᠤ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠂ ︽ᠡᠮᠦᠨ᠎ᠡ ᠡᠩᠨᠡᠭᠡᠨ ᠳᠤ ᠶᠠᠪᠤᠬᠤ︾ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠪᠤᠢ ᠪᠣᠯᠭᠠᠵᠤ᠂ ︽ᠳᠠᠷᠦ᠋ᠢᠬᠠᠨ ᠭᠦᠢᠴᠡᠳᠬᠡᠵᠦ᠂ ᠦᠨᠡᠨᠬᠦ ᠠᠳᠬᠤᠨ ᠪᠣᠳᠠᠲᠠᠢ ᠠᠵᠢᠯᠯᠠᠬᠤ︾ ᠠᠵᠢᠯ ᠤᠨ ᠰᠤᠷᠲᠠᠯ ᠢ ᠪᠠᠳᠠᠷᠠᠭᠤᠯᠵᠤ᠂ ᠴᠢᠬᠤᠯᠠ ᠶᠡᠭᠡ ᠪᠠᠶᠢᠷᠢᠯᠠᠭᠤᠯᠤᠯᠲᠠ᠂ ᠭᠤᠣᠯᠳᠠᠯᠭ᠎ᠠ ᠲᠠᠢ ᠡᠭᠦᠷᠭᠡ᠂ ᠴᠢᠬᠤᠯᠠ ᠵᠦᠢᠯᠡᠰ ᠲᠤ ᠬᠠᠷᠠᠯᠲᠠ ᠲᠣᠭᠲᠠᠭᠠᠵᠤ᠂ ᠬᠠᠷᠢᠭᠤᠴᠠᠯᠭ᠎ᠠ ᠲᠣᠭᠲᠠᠭᠠᠵᠤ᠂ ᠴᠠᠭ ᠤᠨ ᠬᠢᠵᠠᠭᠠᠷ ᠲᠣᠭᠲᠠᠭᠠᠵᠤ᠂ ᠪᠢᠲᠡᠭᠦᠦ ᠴᠠᠭᠠᠷᠢᠭ ᠢᠶᠠᠷ ᠰᠢᠮᠳᠠᠭᠤᠯᠤᠨ ᠭᠦᠢᠴᠡᠳᠬᠡᠵᠦ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠬᠡᠷᠡᠭᠲᠡᠢ᠃ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢ ︽ᠨᠢᠭᠡᠳᠦᠭᠡᠷ ᠦᠨᠡᠨᠴᠢ ᠢᠲᠡᠭᠡᠮᠵᠢ︾ ᠪᠣᠯᠭᠠᠵᠤ᠂ ᠠᠮᠠᠯᠠᠯᠲᠠ ᠪᠠᠨ ᠪᠡᠶᠡᠯᠡᠭᠦᠯᠬᠦ ᠤᠬᠠᠮᠰᠠᠷ ᠢᠶᠠᠨ ᠬᠦᠴᠦᠯᠡᠨ ᠴᠢᠩᠭᠠᠳᠬᠠᠵᠤ᠂ ᠬᠡᠯᠡᠪᠡᠯ ᠳᠠᠷᠤᠶ ᠪᠡᠶᠡᠯᠡᠭᠦᠯᠬᠦ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠠᠵᠢᠯ ᠬᠢᠵᠦ ᠦᠢᠯᠡᠰ ᠪᠤᠰᠬᠠᠬᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠨᠡᠶᠢᠭᠡᠮ ᠤᠨ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠺᠠᠳ᠋ᠷ ᠢ ᠵᠣᠷᠢᠭᠲᠠᠢ ᠪᠠᠷ ᠬᠢᠬᠦ᠂ ᠦᠨᠳᠦᠰᠦᠨ ᠱᠠᠲᠤᠨ ᠳᠤ ᠵᠣᠷᠢᠭᠲᠠᠢ ᠪᠠᠷ ᠬᠢᠬᠦ᠂ ᠠᠵᠤ ᠠᠬᠤᠶᠢᠯᠠᠯ ᠳᠤ ᠵᠣᠷᠢᠭᠲᠠᠢ ᠪᠠᠷ ᠬᠢᠬᠦ᠂ ᠤᠯᠠᠨ ᠲᠦᠮᠡᠨ ᠢ ᠵᠣᠷᠢᠭᠲᠠᠢ ᠪᠠᠷ ᠡᠭᠦᠳᠦᠨ ᠪᠦᠲᠦᠭᠡᠬᠦ ᠶᠢ ᠬᠦᠭᠵᠢᠭᠡᠨ᠎ᠡ᠃ ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠲᠠᠢ ᠬᠠᠷᠭᠤᠭᠤᠯᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠡᠯ᠎ᠡ ᠵᠤᠶᠢᠯ ᠤᠨ ᠠᠵᠢᠯ ᠤᠨ ᠲᠡᠷᠢᠭᠦᠨ ᠤ ᠬᠢ ᠶᠢ ᠲᠡᠮᠡᠴᠡᠨ ᠤᠯᠬᠤ ᠶᠢ ᠠᠬᠢᠭᠤᠯᠵᠤ᠂ ᠲᠡᠷᠢᠭᠦᠨ ᠤ ᠬᠢ ᠶᠢ ᠴᠢᠷᠮᠠᠶᠢᠨ ᠡᠭᠦᠳᠴᠦ᠂ ᠲᠠᠰᠤᠷᠠᠯᠲᠠ ᠥᠬᠡᠶ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠪᠠᠶᠢᠳᠠᠯ ᠢ ᠡᠭᠦᠳᠬᠦ ᠬᠡᠷᠡᠭᠲᠡᠶ᠃      ᠲᠥᠯᠥᠭᠡᠯᠡᠭᠴᠢᠳ ᠡ︕  ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠪᠠᠨ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡ ᠶᠢ ᠵᠢᠯᠣᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠰᠦᠷᠦᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠬᠠᠶᠢᠷᠤᠪ ᠤᠨ ᠲᠤᠬᠤᠢ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︕
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号