ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/13
    2 ᠰᠠᠷ᠎ᠠ ᠶᠢᠨ 10 ᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠬᠤᠷᠠᠯᠳᠤᠪᠠ᠃ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
微信图片_20230213165606.png    
     ᠰᠦᠨ ᠬᠤᠤ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠬᠠᠮᠠᠭᠠᠯᠠᠬᠤ︾᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠳᠤ ᠴᠢᠩᠭ᠎ᠠ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ︽ᠰᠤᠷᠲᠠᠯ ᠢ ᠬᠤᠪᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠥᠭᠵᠢᠯᠲᠡ ᠶᠢ ᠠᠬᠢᠭᠤᠯᠬᠤ︾ᠰᠤᠷᠲᠠᠯ ᠤᠨ ᠪᠠᠶᠢᠭᠤᠯᠤᠯᠲᠠ ᠶᠢ ᠲᠥᠪᠯᠡᠷᠡᠭᠦᠯᠦᠨ ᠴᠡᠭᠴᠡᠯᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ︾︾᠎ ᠶᠢ ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠪᠠᠨ ᠲᠣᠭᠠᠴᠢᠬᠤ + ᠤᠯᠤᠰ ᠲᠦᠷᠦ ᠶᠢᠨ ᠶᠠᠷᠢᠯᠴᠠᠭ᠎ᠠ︾᠎ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂︽ᠭᠤᠷᠪᠠᠨ ᠢᠯᠵᠢᠷᠠᠬᠤ ᠦᠭᠡᠢ︾᠎ ᠶᠢ ᠨᠢᠭᠡ ᠴᠣᠭᠴᠠᠵᠢᠭᠤᠯᠤᠨ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠮᠠᠭᠲᠠ ᠦᠯᠦ ᠠᠭᠤᠴᠢᠯᠠᠬᠤ ᠣᠪᠣᠷ ᠢᠶᠠᠷ ᠢᠯᠵᠢᠷᠡᠯ ᠢ ᠡᠰᠡᠷᠭᠦᠴᠡᠨ ᠮᠠᠭᠤᠬᠠᠢ ᠶᠢ ᠵᠠᠯᠬᠠᠭᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠤᠯᠤᠰ ᠲᠦᠷᠦ ᠶᠢᠨ ᠠᠮᠢ ᠠᠬᠤᠢ ᠶᠢ ᠴᠢᠨᠠᠭᠰᠢᠳᠠ ᠰᠡᠷᠭᠦᠭᠡᠨ ᠴᠡᠪᠡᠷᠰᠢᠭᠦᠯᠪᠡ᠃ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠪᠡ᠃     ᠰᠦᠨ ᠬᠤᠤ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠭᠦᠨᠵᠡᠭᠡᠢ ᠠᠬᠢᠭᠤᠯᠬᠤ ᠨᠢ ᠣᠨᠴᠠᠭᠠᠢ ᠠᠴᠢ ᠬᠤᠯᠪᠣᠭᠳᠠᠯ ᠲᠠᠢ ᠶᠤᠮ᠃ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠣᠷᠳᠣ ᠬᠤᠭᠤᠴᠠᠭ᠎ᠠ ᠪᠠᠷ ᠪᠠᠷᠢᠮᠲᠠᠯᠠᠨ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠶᠡᠷᠦᠩᠬᠡᠢ ᠱᠦᠵᠢ ᠰᠢ ᠶᠢᠨ ᠫᠢᠩ ᠎ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠎ ᠢ ᠪᠦᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ︔ᠤᠯᠤᠰ ᠲᠦᠷᠦ ᠶᠢᠨ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠬᠦᠴᠦᠲᠡᠢ ᠪᠠᠳᠠᠷᠠᠭᠤᠯᠵᠤ᠂ ᠭᠦᠨᠵᠡᠭᠡᠢ ᠬᠥᠭᠵᠢᠭᠦᠯᠬᠦ᠂ ᠲᠤᠰᠬᠠᠢ ᠬᠦᠴᠦᠯᠡᠬᠦ᠂ ᠳᠣᠷᠣᠭᠰᠢ ᠪᠠᠨ ᠤᠷᠲᠤᠳᠬᠠᠬᠤ ᠶᠢ ᠪᠠᠷᠢᠮᠲᠠᠯᠠᠵᠤ᠂ ᠠᠯᠳᠠᠰᠢ ᠭᠠᠷᠬᠤ ᠶᠢ ᠬᠤᠷᠢᠭᠯᠠᠬᠤ᠂ ᠡᠬᠢ ᠡᠭᠦᠰᠦᠯ ᠠᠴᠠ ᠨᠢ ᠵᠠᠰᠠᠬᠤ᠂ ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ︔ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ︔ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠬᠢᠨᠠᠯᠲᠠ ᠲᠠᠯᠪᠢᠬᠤ ᠰᠢᠰᠲ᠋ᠧᠮ ᠢ ᠪᠦᠬᠦ ᠲᠠᠯ᠎ᠠ ᠪᠠᠷ ᠨᠡᠪᠲᠡᠷᠡᠭᠦᠯᠬᠦ ᠬᠡᠷᠡᠭᠲᠡᠢ᠃ᠨᠠᠮ ᠤᠨ ᠳᠣᠲᠣᠭᠠᠳᠤ ᠶᠢᠨ ᠬᠢᠨᠠᠯᠲᠠ᠂ ᠤᠯᠠᠨ ᠲᠦᠮᠡᠨ ᠤ ᠬᠢᠨᠠᠯᠲᠠ ᠶᠢ ᠴᠢᠩᠭᠠᠳᠬᠠᠵᠤ᠂︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾︾᠎ ᠢ ᠢᠯᠡᠷᠡᠭᠦᠯᠪᠡᠯ ᠳᠠᠷᠤᠢ ᠥᠭᠡᠷᠡᠴᠢᠯᠡᠵᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠶᠢ ᠥᠴᠥᠬᠡᠨ ᠴᠦ ᠠᠭᠤᠴᠢᠯᠠᠬᠤ ᠦᠭᠡᠢ ᠪᠠᠶᠢᠬᠤ ᠬᠡᠷᠡᠭᠲᠡᠢ︔ᠴᠢᠩᠭ᠎ᠠ ᠦᠨᠳᠦᠰᠦᠨ ᠬᠦᠭ ᠠᠶᠠᠰ ᠢ ᠪᠠᠷᠢᠮᠲᠠᠯᠠᠨ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠰᠢᠰᠲ᠋ᠧᠮ ᠲᠠᠢ ᠪᠠᠷ ᠵᠠᠰᠠᠬᠤ ᠶᠢ ᠭᠦᠨᠵᠡᠭᠡᠶᠢᠷᠡᠭᠦᠯᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠤᠳᠠᠭᠠᠨ ᠳᠠᠭᠠᠭᠠᠮᠠᠭᠠᠢ ᠲᠠᠶᠢᠨ ᠤ ᠢᠯᠠᠯᠲᠠ ᠶᠢ ᠡᠷᠡᠰ ᠣᠯᠬᠤ ᠬᠡᠷᠡᠭᠲᠡᠢ ᠭᠡᠵᠤ ᠬᠡᠯᠡᠪᠡ᠃
微信图片_20230213165619.png   
    ᠰᠦᠨ ᠬᠤᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨ ᠲᠤᠰ ᠪᠡᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠳᠤᠮᠳᠠᠬᠢ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠪᠠᠨ ᠭᠦᠨᠵᠡᠭᠡᠢ ᠲᠠᠨᠢᠵᠤ᠂ ᠲᠤᠶᠢᠯᠪᠤᠷᠢᠲᠠᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠡᠭᠦᠷᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠡᠮᠡᠴᠡᠯ ᠤᠨ ᠤᠬᠠᠮᠰᠠᠷ᠂ ᠲᠡᠮᠡᠴᠡᠯ ᠤᠨ ᠴᠢᠳᠠᠪᠤᠷᠢ᠂ ᠲᠡᠮᠡᠴᠡᠯ ᠤᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠴᠥᠬᠦᠷᠡᠰᠢ ᠦᠭᠡᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠭᠡᠵᠤ ᠬᠡᠯᠡᠪᠡ᠃
微信图片_20230213165622.png  
     ᠬᠤᠷᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ  ᠭᠧ ᠳ᠋ᠦᠩ ᠮᠧᠢ ᠨᠥᠬᠦᠷ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠣᠬᠤᠢ ᠶᠢᠨ ᠰᠢᠨ᠎ᠡ ᠬᠠᠭᠤᠳᠠᠰᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠢ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号