ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/2/14
     ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ 2023 ᠣᠨ ᠤ 2 ᠰᠠᠷ᠎ᠠ ᠶᠢᠨ 10᠎ ᠤ ᠡᠳᠦᠷ ᠬᠤᠷᠠᠯᠳᠤᠪᠠ᠃ ᠡᠨᠡ ᠤᠳᠠᠭᠠᠨ ᠤ ᠪᠥᠬᠦᠳᠡ ᠬᠤᠷᠠᠯ ᠳᠤ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ 14 ᠭᠡᠰᠢᠭᠦᠨ ᠣᠷᠣᠯᠴᠠᠪᠠ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠪᠥᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠪᠦᠬᠦᠳᠡ ᠬᠤᠷᠠᠯ ᠢ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ᠃ ᠪᠥᠬᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ 2022 ᠣᠨ ᠤ ᠪᠥᠬᠦ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳ᠋ᠦᠩᠨᠡᠵᠦ᠂ 2023 ᠣᠨ ᠤ ᠠᠵᠢᠯ ᠢ ᠪᠠᠶᠢᠷᠢᠯᠠᠭᠤᠯᠪᠠ᠃ ᠪᠦᠬᠦᠳᠡ ᠬᠤᠷᠠᠯ ᠠᠴᠠ ᠭᠧ ᠳ᠋ᠦᠩ ᠮᠧᠢ ᠨᠥᠬᠦᠷ ᠤᠨ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃    ᠪᠦᠬᠦᠳᠡ ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠠ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠪᠣᠯᠤᠨ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠶᠢᠯᠠᠭᠠᠪᠠ᠃ ᠰᠦᠨ ᠬᠤᠤ ᠨᠥᠬᠦᠷ ᠤᠨ ᠶᠠᠷᠢᠶ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠲᠤᠭᠤᠷᠢᠭ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠥᠷᠢᠰᠥᠯᠳᠦᠭᠡᠨ ᠢ ᠭᠦᠨᠵᠡᠭᠡᠶ ᠵᠠᠳᠠᠯᠵᠤ᠂ ᠪᠥᠬᠦ ᠲᠤᠭᠤᠷᠢᠭ ᠎ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠡᠷᠡᠰ ᠭᠤᠶᠢᠪᠢᠰᠢ ᠥᠬᠡᠶ ᠠᠬᠢᠭᠤᠯᠬᠤ ᠣᠶᠢᠯᠠᠭᠠᠭᠳᠠᠬᠤᠨ ᠪᠠ ᠠᠷᠭ᠎ᠠ ᠵᠠᠮ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠪᠥᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠤᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠤ ᠬᠠᠮᠲᠤ ᠪᠠᠰᠠ ᠪᠥᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷ ᠤᠨ ᠲᠤᠬᠠᠶ ᠨᠢᠭᠡ ᠤᠳᠠᠭᠠᠨ ᠤ ᠤᠯᠤᠰ ᠲᠥᠷᠥ ᠶᠢᠨ ᠶᠠᠷᠢᠯᠴᠠᠭ᠎ᠠ ᠪᠣᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠭᠦᠨᠵᠡᠭᠡᠶ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃    ᠪᠥᠬᠦᠳᠡ ᠬᠤᠷᠠᠯ ᠠᠴᠠ᠂ 2022 ᠣᠨ ᠳᠤ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠦᠵᠡᠯ ᠰᠠᠨᠠᠭᠠᠨ ᠤ ᠵᠢᠯᠣᠭᠤᠳᠤᠮᠵᠢ ᠪᠠᠨ ᠴᠢᠩᠭᠠᠳᠬᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠤᠯᠤᠰ ᠲᠦᠷᠦ ᠶᠢᠨ ᠬᠢᠨᠠᠯᠲᠠ ᠪᠠᠨ ᠴᠢᠩᠭᠠᠳᠬᠠᠵᠤ᠂ ᠰᠤᠷᠲᠠᠯ ᠪᠠ ᠢᠯᠵᠢᠷᠡᠯ ᠢ ᠬᠠᠮᠲᠤᠪᠠᠷ ᠵᠠᠰᠠᠬᠤ ᠶᠢ ᠪᠠᠷᠢᠮᠲᠠᠯᠠᠵᠤ᠂ ︽ᠭᠤᠷᠪᠠᠨ ᠢᠯᠵᠠᠷᠠᠯ ᠦᠭᠡᠢ︾ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠤᠯᠤᠰ ᠲᠦᠷᠦ ᠶᠢᠨ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢᠶᠠᠨ ᠪᠠᠳᠠᠷᠠᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ︽ᠭᠤᠷᠪᠠᠵᠢᠬᠦᠯᠬᠦ︾ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠦᠷᠨᠢᠭᠦᠯᠬᠦ ᠬᠡᠷᠡᠭᠲᠡᠢ᠃ ᠪᠥᠬᠦᠳᠡ ᠬᠤᠷᠠᠯ ᠠᠴᠠ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠦᠬᠦ ᠲᠤᠭᠤᠷᠢᠭ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠪᠣᠳᠠᠲᠠᠶ ᠪᠠᠷ ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃    ᠪᠦᠬᠦᠳᠡ ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃    ᠨᠢᠭᠡ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠭᠦᠨᠵᠡᠭᠡᠢ ᠰᠤᠷᠤᠯᠴᠠᠵᠤ᠂ ᠪᠣᠳᠠᠲᠠᠢ ᠪᠠᠶᠢᠴᠠᠭᠠᠨ ᠰᠤᠳᠤᠯᠤᠯᠲᠠ ᠬᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠬᠤᠶᠠᠷ ᠢ ᠬᠠᠮᠠᠭᠠᠯᠠᠬᠤ︾ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠡᠭᠦᠷᠭᠡᠯᠡᠵᠦ᠂ ᠡᠷᠡᠰ ᠭᠤᠶᠢᠪᠢᠰᠢ ᠦᠭᠡᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠯᠢᠪᠠ ᠠᠵᠢᠯ ᠢ ᠶᠡᠷᠦᠩᠬᠡᠶᠢᠯᠡᠨ ᠵᠢᠯᠣᠭᠤᠳᠴᠤ᠂ ᠨᠠᠮ ᠤᠨ ᠲᠦᠷᠢᠮ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠡᠷᠡᠰ ᠭᠤᠶᠢᠪᠢᠰᠢ ᠦᠭᠡᠢ ᠭᠦᠢᠴᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠡᠷᠡᠰ ᠭᠤᠶᠢᠪᠢᠰᠢ ᠦᠭᠡᠢ ᠠᠬᠢᠭᠤᠯᠤᠨ ᠲᠡᠭᠦᠯᠳᠡᠷᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠠᠵᠢᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ᠃    ᠬᠤᠶᠠᠷ ᠲᠤ᠂ ᠤᠯᠤᠰ ᠲᠦᠷᠦ ᠶᠢᠨ ᠬᠢᠨᠠᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠬᠠᠮᠰᠠᠷ ᠠᠴᠠ ᠪᠠᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠠᠬᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠨ᠎ᠠ᠃ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠤᠨᠢᠨ ᠳᠡᠭᠡᠷ᠎ᠡ ᠨᠢ ᠪᠣᠳᠠᠲᠠᠶᠢᠵᠢᠭᠤᠯᠬᠤ᠂ ᠪᠠᠶᠢᠩᠭᠤᠵᠢᠭᠤᠯᠬᠤ ᠶᠢ ᠲᠦᠯᠬᠢᠨ ᠠᠬᠢᠭᠤᠯᠬᠤ ᠶᠢᠨ ᠲᠣᠭᠤᠷᠢᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠶ᠃ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ︽ᠲᠤᠯᠤᠭᠠᠨ ᠪᠠᠶᠢᠬᠤ︾ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠬᠦᠴᠦᠯᠡᠨ ᠰᠢᠢᠳᠪᠦᠷᠢᠯᠡᠪᠡ᠃    ᠭᠤᠷᠪᠠ ᠳᠤ᠂ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠨᠠᠮ ᠠᠴᠠ ᠨᠢᠭᠡᠳᠦᠯᠲᠡᠢ ᠤᠳᠤᠷᠢᠳᠬᠤ᠂ ᠪᠦᠬᠦ ᠲᠠᠯ᠎ᠠ ᠪᠠᠷ ᠬᠠᠮᠤᠷᠤᠭᠰᠠᠨ᠂ ᠡᠷᠬᠡ ᠰᠦᠷ ᠲᠠᠢ ᠥᠨᠳᠥᠷ ᠪᠦᠲᠦᠮᠵᠢᠲᠡᠢ ᠪᠠᠶᠢᠬᠤ ᠱᠠᠭᠠᠷᠳᠠᠯᠭ᠎ᠠ ᠶᠣᠰᠣᠭᠠᠷ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠰᠬᠠᠢ ᠬᠠᠷᠢᠭᠤᠴᠠᠯᠭ᠎ᠠ ᠶᠢᠨ ᠬᠢᠨᠠᠯᠲᠠ ᠲᠠᠯᠪᠢᠬᠤ ᠰᠢᠰᠲ᠋ᠧᠮ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠰᠢᠰᠲ᠋ᠧᠮ᠂ ᠡᠯ᠎ᠡ ᠲᠦᠷᠦᠯ ᠤᠨ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠲᠣᠭᠲᠠᠴᠠ ᠪᠣᠯᠤᠨ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ ᠠᠬᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃ ᠬᠢᠨᠠᠨ ᠪᠣᠳᠤᠬᠤ ᠢᠯᠵᠢᠷᠠᠯ ᠢ ᠡᠰᠡᠷᠭᠦᠴᠡᠨ ᠰᠠᠮᠠᠭᠤᠷᠠᠭᠤᠯᠬᠤ ᠶᠢ ᠵᠠᠰᠠᠬᠤ ᠲᠠᠯ᠎ᠠ ᠪᠠᠷ ᠬᠢ ᠴᠢᠬᠤᠯᠠ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠬᠢᠨᠠᠨ ᠪᠣᠳᠤᠬᠤ ᠪᠠᠶᠢᠭᠤᠯᠭ᠎ᠠ ᠯᠤᠭ᠎ᠠ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠬᠢᠨᠠᠨ ᠪᠣᠳᠤᠯᠲᠠ ᠬᠢᠨᠠᠯᠲᠠ ᠶᠢᠨ ᠦᠷ᠎ᠡ ᠪᠦᠲᠦᠭᠡᠯ ᠢ ᠰᠠᠶᠢᠲᠤᠷ ᠬᠡᠷᠡᠭᠯᠡᠬᠦ ᠬᠡᠷᠡᠭᠲᠡᠢ᠃ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠡᠳᠡᠨ ᠤ ᠪᠡᠶ᠎ᠡ ᠪᠠᠨ ᠴᠢᠩᠭ᠎ᠠ ᠱᠠᠭᠠᠷᠳᠠᠬᠤ᠂ ᠬᠠᠷᠢᠭᠤᠴᠠᠯᠭ᠎ᠠ ᠪᠠᠨ ᠴᠢᠩᠭ᠎ᠠ ᠬᠠᠷᠢᠭᠤᠴᠠᠬᠤ᠂ ᠴᠢᠩᠭ᠎ᠠ ᠬᠠᠮᠢᠶᠠᠷᠬᠤ ᠶᠢ ᠱᠠᠯᠠᠪᠳᠠᠭᠤᠯᠬᠤ ᠬᠡᠷᠡᠭᠲᠡᠶ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠠᠷᠢᠭᠤᠴᠠᠯᠭ᠎ᠠ ᠨᠡᠬᠡᠮᠵᠢᠯᠡᠬᠦ ᠬᠤᠷᠴᠠ ᠵᠡᠪᠰᠡᠭ ᠢ ᠰᠠᠶᠢᠲᠤᠷ ᠬᠡᠷᠡᠭᠯᠡᠵᠦ᠂ ᠦᠨᠡᠨ ᠠᠴᠠ ᠵᠥᠪ ᠢ ᠡᠷᠢᠬᠦ᠂ ᠤᠨᠢᠨ ᠳᠡᠭᠡᠷ᠎ᠡ ᠨᠢ ᠵᠢᠷᠤᠮᠵᠢᠭᠤᠯᠬᠤ ᠶᠢ ᠪᠡᠶᠡᠯᠡᠭᠦᠯᠬᠦ ᠬᠡᠷᠡᠭᠲᠡᠢ᠃     ᠲᠦᠷᠪᠡ ᠳᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠦᠷᠭᠦᠯᠵᠢᠯᠡᠨ ᠬᠦᠴᠦᠲᠡᠢ ᠪᠠᠳᠠᠷᠠᠭᠤᠯᠬᠤ ᠬᠡᠷᠡᠭᠲᠡᠢ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠲᠤᠪᠤᠶᠢᠯᠭᠠᠵᠦ᠂ ︽ᠬᠤᠶᠠᠷ ᠢ ᠬᠠᠮᠠᠭᠠᠯᠠᠬᠤ︾᠎ ᠶᠢ ᠦᠨᠳᠦᠰᠦᠨ ᠡᠭᠦᠷᠭᠡ ᠪᠠᠨ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠬᠡᠷᠡᠭᠲᠡᠢ᠃ ᠡᠩ ᠤᠨ ᠲᠣᠭᠤᠷᠢᠨ ᠪᠠᠶᠢᠴᠠᠭᠠᠬᠤ᠂ ᠲᠤᠰᠬᠠᠶ ᠵᠦᠢᠯ ᠤᠨ ᠲᠣᠭᠤᠷᠢᠨ ᠪᠠᠶᠢᠴᠠᠭᠠᠬᠤ᠂ ᠬᠥᠳᠡᠯᠦᠩᠭᠦᠶ ᠲᠣᠭᠤᠷᠢᠨ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ︽ᠡᠷᠭᠢᠵᠦ ᠬᠠᠷᠠᠬᠤ︾᠎ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠭᠦᠨᠵᠡᠭᠡᠶ ᠥᠷᠭᠡᠳᠬᠡᠵᠦ᠂ ᠲᠤᠰᠬᠠᠶ ᠬᠦᠴᠦᠯᠡᠬᠦ᠂ ᠳᠣᠷᠣᠭᠰᠢ ᠤᠷᠲᠤᠳᠬᠠᠬᠤ ᠶᠢ ᠠᠬᠢᠭᠤᠯᠤᠨ᠎ᠠ᠃ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ᠃ ︽ᠲᠠᠪᠤᠨ ᠶᠡᠭᠡ ᠡᠬᠢᠯᠡᠯᠲᠡ︾᠎ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃     ᠲᠠᠪᠤ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠳᠦᠷᠢ ᠲᠥᠷᠬᠦ ᠶᠢ ᠡᠪᠳᠡᠨ᠂ ᠣᠯᠠᠨ ᠲᠦᠮᠡᠨ ᠤ ᠲᠤᠰᠬᠠᠯ ᠴᠢᠩᠭ᠋᠎ᠠ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠵᠡᠷᠭᠡ ᠶᠢ ᠴᠢᠩᠭ᠋᠎ᠠ ᠴᠡᠭᠴᠡᠯᠡᠨ ᠵᠠᠰᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠵᠦ᠂ ᠴᠢᠩᠭ᠋᠎ᠠ ᠪᠠᠶᠢᠴᠠᠭᠠᠨ ᠰᠢᠢᠳᠪᠦᠷᠢᠯᠡᠵᠦ᠂ ᠳᠠᠬᠢᠨ ᠰᠡᠷᠭᠦᠬᠦ ᠶᠢ ᠡᠷᠡᠰ ᠰᠡᠷᠭᠡᠶᠢᠯᠡᠨ᠂ ᠳᠠᠯᠳᠠ ᠬᠤᠪᠢᠷᠠᠯᠲᠠ ᠶᠢ  ᠰᠡᠷᠭᠡᠶᠢᠯᠡᠬᠦ ᠬᠡᠷᠡᠭᠲᠡᠢ᠃      ᠵᠢᠷᠭᠤᠭ᠎ᠠ ᠳᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃ ᠪᠠᠶᠢᠩᠭᠤ ᠶᠢᠨ ᠴᠢᠨᠠᠷᠲᠠᠶ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠵᠤ᠂ ᠡᠳᠦᠷ ᠲᠤᠲᠤᠮ ᠤᠨ ᠬᠠᠮᠢᠶᠠᠷᠤᠯᠲᠠ ᠬᠢᠨᠠᠯᠲᠠ ᠲᠠᠯᠪᠢᠯᠲᠠ ᠳᠤ ᠠᠭᠤᠰᠤᠯᠴᠠᠭᠤᠯᠬᠤ ᠬᠡᠷᠡᠭᠲᠡᠶ᠃ ᠵᠠᠯᠠᠭᠤ ᠤᠳᠤᠷᠢᠳᠬᠤ ᠺᠠᠲᠠᠷ ᠤᠨ ᠰᠠᠬᠢᠯᠭ᠎ᠠ ᠪᠠᠲᠤ ᠶᠢᠨ ᠬᠦᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠦᠨᠳᠦ ᠶᠡᠭᠡ ᠬᠡᠷᠡᠭ ᠭᠠᠷᠤᠭᠰᠠᠨ ᠬᠤᠯᠪᠣᠭᠳᠠᠯ ᠪᠦᠬᠦᠢ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠨᠢᠭᠡ ᠠᠴᠠ ᠨᠥᠭᠦᠭᠡ ᠶᠢ ᠮᠡᠳᠡᠵᠦ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠨ᠎ᠠ᠃ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠵᠤ ᠳᠡᠭᠡᠳᠦ ᠬᠡᠮᠵᠢᠶ᠎ᠡ ᠪᠠᠷ ᠨᠢᠭᠡᠳᠦᠭᠦᠯᠦᠨ᠎ᠡ᠃ ︽ᠳᠥᠷᠪᠡᠨ ᠵᠦᠢᠯ ᠤᠨ ᠬᠡᠯᠪᠡᠷᠢ ᠪᠠᠶᠢᠳᠠᠯ︾᠎ ᠢ ᠨᠠᠷᠢᠯᠢᠭ ᠣᠨᠣᠴᠠᠲᠠᠶ ᠪᠠᠷ ᠬᠡᠷᠡᠭᠯᠡᠵᠦ᠂ ︽ᠭᠤᠷᠪᠠ ᠶᠢ ᠢᠯᠭᠠᠨ ᠰᠠᠯᠭᠠᠬᠤ︾᠎ ᠶᠢ ᠨᠠᠶᠢᠳᠠᠪᠤᠷᠢᠵᠢᠭᠤᠯᠤᠨ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠪᠠ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠤᠷᠮᠠᠰᠢᠭᠤᠯᠤᠨ ᠵᠣᠷᠢᠭᠵᠢᠭᠤᠯᠤᠨ᠎ᠠ᠃    ᠳᠣᠯᠤᠭ᠎ᠠ ᠳᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ︽ᠪᠦᠬᠦ ᠦᠶᠡᠯᠡᠯ ᠤᠨ ᠬᠤᠭᠤᠴᠠᠭ᠎ᠠ ᠪᠠᠷ ᠬᠠᠮᠢᠶᠠᠷᠬᠤ︾ ᠠᠷᠭ᠎ᠠ ᠬᠡᠯᠪᠡᠷᠢ ᠶᠢ ᠪᠠᠷᠢᠮᠲᠠᠯᠠᠵᠤ᠂ ᠬᠠᠭ᠋ᠤᠤᠯᠢ ᠢᠳᠡᠵᠦ ᠬᠠᠭ᠋ᠤᠤᠯᠢ ᠲᠦᠯᠬᠢᠬᠦ ᠶᠢ ᠵᠡᠷᠭᠡ ᠪᠠᠷ ᠪᠠᠶᠢᠴᠠᠭᠠᠬᠤ ᠶᠢ ᠪᠠᠷᠢᠮᠲᠠᠯᠠᠵᠤ᠂ ᠬᠠᠭ᠋ᠤᠤᠯᠢ ᠲᠦᠯᠬᠢᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠳᠭᠡᠬᠦ ᠡᠷᠴᠢᠮ ᠢᠶᠠᠨ ᠴᠢᠩᠭᠠᠷᠠᠭᠤᠯᠤᠨ᠎ᠠ᠃ ᠰᠢᠨ᠎ᠡ ᠴᠠᠭ ᠦᠶ᠎ᠡ ᠶᠢᠨ ᠠᠷᠢᠭᠤᠨ ᠴᠢᠭᠡᠴᠢ ᠰᠤᠶᠤᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠭᠡᠴᠢ ᠨᠡᠶᠢᠭᠡᠮ ᠤᠨ ᠠᠮᠢ ᠠᠬᠤᠢ ᠶᠢ ᠪᠠᠶᠢᠭᠤᠯᠤᠨ᠎ᠠ᠃     ᠨᠠᠢᠮᠠ ᠳᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠲᠡᠶ᠃ ᠠᠷᠠᠳ ᠤᠯᠠᠨ ᠤ ︽ᠪᠠᠴᠢᠮᠳᠠᠬᠤ ᠬᠦᠴᠢᠷᠳᠡᠬᠦ ᠵᠣᠪᠠᠭ᠋ᠤ︾ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ︽ᠬᠠᠳᠠᠭᠠᠯᠠᠯᠲᠠ ᠶᠢᠨ ᠬᠡᠮᠵᠢᠶ᠎ᠡ ᠶᠢ ᠪᠦᠬᠦᠨ ᠢ ᠠᠷᠢᠯᠭᠠᠬᠤ᠂ ᠨᠡᠮᠡᠭᠳᠡᠯ ᠢ ᠳᠠᠭᠠᠯᠳᠤᠨ ᠠᠷᠢᠯᠭᠠᠬᠤ︾᠎ ᠶᠢ ᠠᠬᠢᠭᠤᠯᠬᠤ ᠬᠡᠷᠡᠭᠲᠡᠢ᠃ ︽ᠬᠠᠮᠠᠭᠠᠯᠠᠭᠴᠢ ᠲᠤ ᠴᠣᠬᠢᠯᠲᠠ ᠥᠭᠴᠦ ᠬᠠᠷᠢᠴᠠᠭᠠᠨ ᠤ ᠲᠤᠤᠷ ᠢ ᠡᠪᠳᠡᠬᠦ︾᠎ ᠶᠢ ᠪᠠᠶᠢᠩᠭᠤᠵᠢᠭᠤᠯᠬᠤ ᠮᠠᠰᠢᠨ ᠤ ᠳᠦᠷᠢᠮᠵᠢᠭᠦᠯᠬᠦ ᠶᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠬᠡᠷᠡᠭ ᠤᠨ ᠠᠷᠤ ᠳᠠᠬᠢ ᠢᠯᠵᠠᠷᠠᠯ ᠪᠠ ︽ᠬᠠᠮᠠᠭᠠᠯᠠᠭᠴᠢ︾᠎ ᠢ ᠴᠢᠩᠭ᠎ᠠ ᠪᠠᠶᠢᠴᠠᠭᠠᠨ᠎ᠠ᠃ ︽ᠬᠤᠶᠠᠷ ᠢ ᠮᠡᠳᠡᠭᠳᠡᠨ ᠭᠤᠷᠪᠠ ᠶᠢ ᠬᠠᠷᠢᠭᠤ ᠲᠤᠰᠬᠠᠵᠤ ᠨᠢᠭᠡ ᠶᠢ ᠬᠠᠷᠢᠭᠤ ᠰᠤᠷᠪᠤᠯᠵᠢᠯᠠᠬᠤ︾ ᠠᠵᠢᠯ ᠤᠨ ᠲᠣᠭᠲᠠᠴᠠ ᠶᠢ ᠭᠦᠨᠵᠡᠭᠡᠶ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠬᠦᠴᠦᠲᠡᠶ ᠪᠥᠭᠡᠳ ᠪᠦᠲᠦᠮᠵᠢᠲᠡᠶ ᠵᠢᠭᠰᠠᠭᠠᠨ ᠪᠠᠶᠢᠴᠠᠭᠠᠵᠤ ᠰᠢᠢᠳᠪᠤᠷᠢᠯᠡᠨ᠂ ᠯᠠᠪᠳᠠᠭᠤᠨ ᠪᠠᠲᠤᠲᠠᠶ ᠠᠵᠢᠯ ᠤᠨ ᠦᠷ᠎ᠡ ᠪᠦᠲᠦᠮᠵᠢ ᠪᠠᠷ ᠠᠷᠠᠳ ᠣᠯᠠᠨ ᠤ ᠢᠲᠡᠭᠡᠯ ᠪᠠ ᠬᠦᠷᠢᠶᠡᠯᠡᠯ ᠢ ᠲᠠᠰᠤᠷᠠᠯᠲᠠ ᠥᠬᠡᠶ  ᠤᠯᠤᠬᠤ ᠬᠡᠷᠡᠭᠲᠡᠢ᠃    ᠶᠢᠰᠦ ᠳᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠭᠡᠢ ᠠᠬᠢᠭᠤᠯᠬᠤ ᠬᠡᠷᠡᠭᠳᠠᠢ᠃ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠨᠢᠭᠡ ᠴᠤᠭᠴᠠᠵᠢᠭᠤᠯᠤᠨ ᠭᠦᠨᠵᠡᠭᠡᠶᠢᠷᠡᠭᠦᠯᠦᠨ ᠠᠬᠢᠭᠤᠯᠤᠨ᠎ᠠ᠃ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠠᠵᠢᠯ ᠤᠨ ᠳᠦᠷᠢᠮ︾᠎ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠤᠳᠤᠷᠢᠳᠤᠯᠭ᠎ᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠶᠢᠨ ᠬᠢᠨᠠᠨ ᠪᠠᠶᠢᠴᠠᠭᠠᠬᠤ ᠡᠷᠬᠡ ᠶᠢ ᠪᠦᠬᠦ ᠲᠠᠯ᠎ᠠ ᠪᠠᠷ ᠬᠡᠷᠡᠭᠯᠡᠬᠦ ᠶᠢ ᠠᠬᠢᠭᠤᠯᠤᠨ᠎ᠠ᠃    ᠠᠷᠪᠠ ᠳᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠬᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠤᠷ ᠴᠡᠷᠢᠭ ᠢ ᠪᠠᠶᠢᠭᠤᠯᠤᠨ᠎ᠠ᠃ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠣᠷᠢᠭᠲᠠᠶ ᠪᠠᠷ ᠲᠡᠮᠡᠴᠡᠯ ᠬᠢᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠪᠣᠶ ᠪᠣᠯᠭᠠᠨ᠎ᠠ᠃ ︽ᠳ᠋ᠧᠩ ᠤᠨ ᠲᠤᠤᠷᠠᠬᠢ ᠬᠠᠷ᠎ᠠ︾᠎ ᠶᠢ ᠡᠷᠡᠰ ᠰᠡᠷᠭᠡᠶᠢᠯᠡᠨ ᠵᠠᠰᠠᠵᠤ᠂ ︽ᠭᠤᠷᠪᠠᠨ ᠢᠯᠵᠢᠷᠡᠬᠦ ᠦᠭᠡᠢ︾ ᠤᠢᠢᠯᠠᠭᠠᠭᠳᠠᠬᠤᠨ ᠢ ᠨᠢᠭᠡ ᠴᠤᠭᠴᠠᠵᠢᠭᠤᠯᠤᠨ ᠠᠬᠢᠭᠤᠯᠬᠤ ᠶᠢ ᠲᠤᠰ ᠪᠡᠶ᠎ᠡ ᠶᠢᠨ ᠪᠠᠶᠢᠭᠤᠯᠤᠯᠲᠠ ᠳᠤ ᠲᠤᠤᠱᠯᠠᠭᠤᠯᠵᠤ᠂ ᠲᠤᠰ ᠪᠡᠶ᠎ᠡ ᠶᠢᠨ ᠲᠥᠪ ᠴᠢᠩᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠤᠷ ᠴᠡᠷᠢᠭ ᠢ ᠪᠠᠶᠢᠭᠤᠯᠬᠤ ᠬᠡᠷᠡᠭᠲᠡᠢ᠃    ᠪᠦᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠢᠭᠠᠭᠰᠠᠨ ᠴᠢᠭᠯᠡᠯ ᠢᠶᠠᠷ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠶᠢ ᠡᠭᠦᠳᠴᠦ᠂ ᠡᠷᠴᠢ ᠵᠣᠷᠢᠭ ᠢᠶᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠵᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ᠂ ᠡᠭᠦᠷᠢᠳᠡ ᠴᠠᠯᠠᠭᠠᠶᠢᠷᠠᠬᠤ ᠦᠭᠡᠢ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠰᠢᠨ᠎ᠡ ᠦᠷ᠎ᠡ ᠪᠦᠲᠦᠮᠵᠢ ᠶᠢ ᠳᠠᠰᠤᠷᠠᠯᠳᠠ ᠦᠭᠡᠢ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号