ᠬᠠᠶᠢᠷᠤᠪ ᠤᠨ ᠲᠣᠬᠤᠢ ᠲᠣᠭᠤᠷᠢᠭ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/2/17
ᠡᠯ᠎ᠡ ᠬᠠᠮᠢᠶ᠎ᠠ ᠪᠥᠬᠦᠶ ᠨᠢᠭᠡᠴᠡ᠄     ︽ᠤᠯᠤᠰ ᠤᠨ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠳᠡᠮᠵᠢᠨ ᠬᠡᠷᠡᠭᠵᠢᠭᠦᠯᠬᠦ ᠲᠤᠬᠠᠶ ᠮᠡᠳᠡᠭᠳᠡᠯ︾ ᠂ ︽ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠤᠳᠠᠯᠳᠤᠭᠠᠨ ᠤ ᠶᠠᠪᠤᠳᠠᠯ ᠤᠨ ᠲᠢᠩᠬᠢᠮ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠮᠡᠳᠡᠭᠳᠡᠯ︾ ᠪᠠ ︽ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠵᠢᠯᠣᠭᠤᠳᠣᠯᠭ᠎ᠠ ᠶᠢ ᠦᠨᠡᠨ ᠬᠦ ᠴᠢᠩᠭᠠᠳᠬᠠᠵᠤ᠂ ᠮᠠᠨ ᠤ ᠲᠤᠭᠤᠷᠢᠭ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ᠂ ᠥᠨᠳᠥᠷ ᠱᠠᠭᠠᠷᠳᠠᠯᠭ᠎ᠠ᠂ ᠴᠢᠨᠠᠷ ᠰᠠᠶᠢᠲᠠᠶ ᠪᠡᠶᠡᠯᠡᠭᠦᠯᠬᠦ ᠶᠢᠨ ᠲᠤᠰᠠᠳᠠ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠬᠠᠶᠢᠷᠤᠪ ᠤᠨ ᠲᠣᠬᠤᠶ ᠲᠣᠭᠤᠷᠢᠭ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠂ ᠪᠣᠳᠠᠲᠠᠶ ᠪᠦᠷᠢᠯᠳᠦᠬᠦᠨ ᠨᠢ ᠳᠣᠤᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄       ᠼᠦᠢ ᠬᠤᠩ ᠪᠥᠸᠧ  ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄       ᠶᠠᠩ ᠱᠠᠩ ᠯᠢᠨ      ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ      ᠸᠠᠩ ᠱᠤ᠋ ᠶᠠᠨ       ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ      ᠪᠦᠷᠢᠯᠳᠦᠬᠦᠨ᠄       ᠵᠠᠩ ᠱᠢ ᠶᠦᠩ     ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ      ᠱᠠᠩ ᠬᠠᠢ ᠶᠤᠸᠠᠨ   ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠵᠠᠩ ᠴᠦᠨ ᠫᠢᠩ    ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶᠠᠨ ᠤ ᠳᠠᠷᠤᠭ᠎ᠠ    ᠰᠢᠨ ᠶᠤᠸᠠᠢ ᠶᠢᠩ     ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠲᠠᠷᠤᠭ᠎ᠠ    ᠰᠦᠩ ᠬᠠᠶ ᠮᠢᠩ     ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ    ᠸᠧᠶ ᠵᠢᠶᠠᠨ ᠷᠦᠩ    ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ    ᠯᠢ ᠯᠢᠶᠠᠩ          ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ    ᠫᠧᠩ ᠸᠧᠨ ᠰᠢᠶᠠᠩ   ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ    ᠰᠢᠤᠢ ᠵᠢᠶᠧ         ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ    ᠹᠦ᠋ ᠷᠦᠢ            ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ    ᠴᠢᠶᠣᠤ ᠲᠦᠩ       ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ    ᠬᠠᠩ ᠶᠠᠨ ᠹᠧᠩ     ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ    ᠯᠦᠸᠧ ᠢ         ᠲᠣᠭᠤᠷᠢᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠤ ᠶᠢᠨ ᠵᠥᠪᠯᠡᠯ    ᠯᠢ ᠯᠸᠢ            ᠲᠣᠭᠤᠷᠢᠭ ᠤᠨ ᠬᠢᠨᠠᠨ ᠪᠤᠳᠤᠬᠤ ᠲᠣᠪᠴᠢᠶᠠᠨ ᠤ ᠳᠠᠷᠤᠭ᠎ᠠ    ᠯᠢᠶᠠᠩ ᠢᠦᠶ ᠫᠧᠩ    ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ    ᠵᠢᠶᠠ ᠸᠧᠨ ᠯᠢ       ᠲᠤᠭᠤᠷᠢᠭ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠳᠠᠷᠤᠭ᠎ᠠ    ᠰᠢᠦᠢ ᠪᠢᠨ          ᠲᠤᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ    ᠪᠢᠶᠠᠨ ᠬᠤᠩ ᠮᠧᠶ    ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ    ᠯᠢᠦ ᠵᠦᠩ          ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ    ᠸᠠᠩ ᡁᠢ ᠫᠢᠩ       ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ    ᠯᠢᠦᠶ ᠳ᠋ᠠᠨ          ᠴᠡᠭᠡᠯ ᠠᠭᠤᠯᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ    ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠳᠣᠭᠢᠷᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠭᠤᠤᠯᠳᠠᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠠᠶᠢᠷᠤᠪ ᠤᠨ ᠲᠣᠬᠤᠶ ᠲᠣᠭᠤᠷᠢᠭ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠴᠢᠬᠤᠯᠠ ᠶᠡᠭᠡ  ᠵᠤᠶᠢᠯᠡᠰ ᠢ ᠰᠤᠳᠤᠯᠵᠤ᠂ ᠬᠠᠷᠠᠯᠲᠠ ᠲᠣᠭᠲᠠᠭᠠᠬᠤ᠂ ᠲᠥᠷᠥᠯ ᠵᠤᠶᠢᠯᠡᠰ ᠳᠣᠭᠢᠷᠠᠭᠤᠯᠬᠤ᠂ ᠪᠠᠯᠠ ᠮᠥᠩᠭᠦ ᠶᠢᠨ ᠣᠷᠣᠭᠤᠯᠤᠯᠲᠠ᠂ ᠵᠣᠬᠢᠶᠠᠨ ᠪᠠᠶᠢᠭᠤᠯᠤᠨ ᠳᠠᠶᠢᠴᠢᠯᠠᠬᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃      ᠤᠳᠤᠷᠢᠳᠬᠤ ᠳᠤᠭᠤᠶᠢᠯᠠᠩ ᠤᠨ ᠬᠥᠮᠦᠰ ᠬᠡᠷᠪᠡ ᠬᠤᠪᠢᠷᠠᠯᠲᠠ ᠭᠠᠷᠪᠠᠯ᠂ ᠲᠤᠭᠤᠷᠢᠭ ᠤᠨ ᠤᠳᠤᠷᠢᠳᠤᠯᠭ᠎ᠠ ᠶᠢ ᠪᠤᠰᠤᠳ ᠤᠳᠤᠷᠢᠳᠬᠤ ᠳᠤᠭᠤᠶᠢᠯᠠᠩ ᠠᠴᠠ ᠥᠪᠡᠰᠦᠪᠡᠨ ᠲᠣᠬᠢᠷᠠᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号