ᠬᠠᠶᠢᠷᠤᠪ ᠤᠨ ᠲᠤᠬᠤᠢ ᠲᠣᠭᠤᠷᠢᠭ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠬᠠᠮᠤᠭ ᠤᠨ ᠰᠢᠨ᠎ᠡ ᠨᠡᠷᠡᠰ
ᠨᠡᠶᠢᠲᠡᠯᠡᠭᠰᠡᠨ ᠴᠠᠭ᠄
2023/2/17
      2 ᠰᠠᠷ᠎ᠠ ᠶᠢᠨ 15᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠬᠤᠷᠠᠯᠳᠤᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ︔ᠠᠵᠢᠯᠲᠠᠨ ᠢ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ  ᠪᠠᠭᠤᠯᠭᠠᠬᠤ ᠶᠢ ᠤᠯᠠᠮᠵᠢᠯᠠᠨ ᠰᠤᠷᠤᠯᠴᠠᠵᠠᠢ᠃      ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠪᠠᠶᠢᠩᠭᠤ ᠶᠢᠨ ᠬᠤᠷᠢᠶᠠᠨ ᠤ ᠲᠤᠰᠢᠶᠠᠯ ᠠᠴᠠ ᠤᠭᠴᠠᠷᠠᠭᠤᠯᠬᠤ ᠨᠡᠷᠡᠰ    ︵2023 ᠣᠨ ᠤ 2 ᠰᠠᠷ᠎ᠠ ᠶᠢᠨ 15᠎ ᠤ ᠡᠳᠦᠷ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠠᠴᠠ ᠪᠠᠲᠤᠯᠠᠪᠠ᠃︶      ᠬᠠᠰᠤᠬᠤ ᠪᠠᠷ ᠲᠣᠭᠲᠠᠪᠠ᠄      ᠶᠠᠨ ᠳ᠋ᠦᠩ ᠮᠧᠶ ᠨᠥᠬᠦᠷ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ᠃      ᠵᠧᠨ ᠷᠦᠢ ᠨᠥᠬᠦᠷ ᠤᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠃      ᠸᠠᠩ ᠫᠧᠩ ᠹᠧᠢ ᠨᠥᠬᠦᠷ ᠤᠨ ᠲᠣᠭᠤᠷᠢᠭ ᠤᠨ ᠬᠢᠨᠠᠨ ᠪᠣᠳᠣᠬᠤ ᠲᠣᠪᠴᠢᠶᠠᠨ ᠤ ᠳᠠᠷᠤᠭ᠎ᠠ ᠶᠢᠨ ᠲᠤᠰᠢᠶᠠᠯ᠃      ᠲᠤᠰᠢᠶᠠᠯ ᠳᠤ ᠲᠣᠮᠢᠯᠠᠬᠤ ᠪᠠᠷ ᠲᠣᠭᠲᠠᠪᠠ᠄      ᠸᠠᠩ ᠱᠤ᠋ ᠶᠠᠨ ᠨᠥᠬᠦᠷ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠣᠯᠭᠠᠨ᠎ᠠ᠃      ᠯᠦᠸᠧ ᠶᠠᠨ ᠨᠥᠬᠦᠷ ᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠺᠣᠮᠢᠰ ᠤᠨ ᠡᠷᠬᠢᠯᠡᠭᠴᠢ᠃      ᠯᠢ ᠯᠧᠢ ᠨᠥᠬᠦᠷ ᠢ ᠲᠣᠭᠤᠷᠢᠭ ᠤᠨ ᠬᠢᠨᠠᠨ ᠪᠤᠳᠤᠬᠤ ᠲᠣᠪᠴᠢᠶᠠᠨ ᠤ ᠳᠠᠷᠤᠭ᠎ᠠ ᠪᠣᠯᠭᠠᠪᠠ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号