ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠨᠥᠬᠦᠷ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/20
     2 ᠰᠠᠷ᠎ᠠ ᠶᠢᠨ 19 ᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠨᠥᠬᠦᠷ ᠳᠤᠮᠳᠠᠳᠤ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠢᠳᠡᠭᠡᠨ ᠤ ᠠᠮᠤᠷ ᠲᠦᠪᠰᠢᠨ ᠵᠡᠷᠭᠡ ᠰᠤᠷᠭᠠᠭᠤᠯᠢ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠪᠠᠶᠢᠳᠠᠯ ᠢ ᠪᠠᠶᠢᠴᠠᠭᠠᠨ ᠰᠤᠳᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠳᠡᠳ᠋ ᠳᠠᠷᠤᠭ᠎ᠠ ᠸᠠᠩ  ᠱᠤ᠋ ᠶᠠᠨ ᠨᠥᠬᠦᠷ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠵᠠᠩ ᠴᠦᠨ ᠫᠢᠩ ᠨᠥᠬᠦᠷ ᠵᠢᠴᠢ ᠲᠣᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃
         ᠼᠦᠢ ᠲᠣᠭᠤᠷᠢᠭ ᠤᠨ ᠳᠠᠷᠤᠭ᠎ᠠ ᠨᠠᠷ ᠤᠷᠢᠳ ᠬᠤᠵᠢᠳ ᠦᠬᠠᠢ ᠬᠤᠳᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ᠂ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠰᠤᠷᠭᠠᠭᠤᠯᠢ᠂ ᠲᠤᠸᠠᠨ ᠵᠢᠶᠧ ᠪᠠᠭ᠎ᠠ ᠰᠤᠷᠭᠠᠭᠤᠯᠢ᠂ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ᠂ ᠠᠷᠪᠠᠳᠤᠭᠠᠷ ᠬᠡᠦᠬᠡᠳ ᠤᠨ ᠴᠡᠴᠡᠷᠯᠢᠭ᠂ ᠠᠷᠪᠠᠨ ᠲᠠᠪᠤᠳᠤᠭᠠᠷ ᠬᠡᠦᠬᠡᠳ ᠤᠨ ᠴᠡᠴᠡᠷᠯᠢᠭ ᠲᠤ ᠬᠦᠷᠴᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠡᠯ᠎ᠡ ᠵᠦᠢᠯ ᠤᠨ ᠰᠤᠷᠭᠠᠭᠤᠯᠢ ᠡᠬᠢᠯᠡᠬᠦ ᠪᠡᠯᠡᠳᠬᠡᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠢᠯᠠᠩᠭᠤᠶ᠎ᠠ ᠨᠦᠷᠦ᠋ ᠸᠢᠷᠦ᠋ᠰ ᠢ ᠰᠡᠷᠭᠡᠶᠢᠯᠡᠨ ᠡᠵᠡᠮᠳᠡᠬᠦ ᠪᠡᠯᠡᠳᠬᠡᠯ ᠪᠠᠶᠢᠳᠠᠯ ᠵᠢᠴᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ ᠲᠥᠬᠦᠭᠡᠷᠦᠮᠵᠢ᠂ ᠴᠠᠬᠢᠯᠭᠠᠨ ᠬᠡᠷᠡᠭᠯᠡᠬᠦ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠪᠠ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠳᠠᠷᠠᠭ᠎ᠠ ᠨᠢ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ᠂ ᠡᠪᠡᠳᠴᠢᠨ ᠤ ᠰᠢᠯᠲᠠᠭᠠᠨ ᠠᠴᠠ ᠪᠣᠯᠵᠤ ᠨᠡᠬᠡᠮᠵᠢᠯᠡᠨ ᠪᠠᠶᠢᠴᠠᠭᠠᠭᠰᠠᠨ ᠲᠡᠮᠳᠡᠭᠯᠡᠯ ᠵᠡᠷᠭᠡ ᠠᠵᠢᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ ᠣᠶᠢᠯᠠᠭᠠᠪᠠ᠃
        ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠶᠢᠷᠤᠪ ᠤᠨ ᠲᠤᠬᠤᠢ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠤᠯᠭ᠎ᠠ ᠡᠬᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠨᠥᠬᠦᠷ ᠪᠠᠰᠠ ᠴᠢᠬᠤᠯᠠ ᠵᠢᠭᠠᠪᠤᠷᠢ ᠥᠭᠴᠡᠢ᠂ ᠲᠡᠷᠡ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠵᠠᠬᠢᠷᠤᠯ ᠠᠮᠤᠷ ᠲᠦᠪᠰᠢᠨ ᠤ ᠡᠨᠡᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂︽ᠰᠢᠨ᠎ᠡ᠂ ᠨᠠᠷᠢᠯᠢᠭ᠂ ᠭᠦᠨᠵᠡᠭᠡᠢ︾ ᠳᠡᠭᠡᠷ᠎ᠡ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠮᠤᠷ ᠲᠦᠪᠰᠢᠨ ᠤ ᠠᠵᠢᠯ ᠤᠨ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠰᠤᠷᠭᠠᠨ ᠬᠥᠮᠦᠵᠢᠯ ᠪᠣᠯᠣᠨ ᠬᠠᠮᠢᠶᠠᠷᠤᠯᠲᠠ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠬᠠᠯᠳᠠᠪᠤᠷᠢᠲᠤ ᠡᠪᠡᠳᠴᠢᠨ ᠤ ᠭᠡᠨᠡᠳᠲᠡ ᠡᠭᠦᠰᠬᠦ ᠬᠡᠷᠡᠭ ᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ ᠭᠡᠵᠡᠢ᠃ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ᠂ ᠢᠯᠠᠩᠭᠤᠶ᠎ᠠ ᠣᠶᠢᠷ᠎ᠠ ᠶᠢᠨ ᠬᠤᠭᠤᠴᠠᠭᠠᠨ ᠳᠤ ᠤᠯᠠᠨ ᠭᠠᠵᠠᠷ ᠲᠤ ᠡᠭᠦᠰᠦᠭᠰᠡᠨ ᠨᠦᠷᠦ᠋ ᠸᠢᠷᠦ᠋ᠰ ᠤᠨ ᠬᠡᠷᠡᠭ ᠢ ᠰᠤᠷᠭᠠᠭᠤᠯᠢ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠯᠳᠠᠪᠤᠷᠢᠲᠤ ᠡᠪᠡᠳᠴᠢᠨ ᠤ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠬᠥᠮᠥᠨ ᠳᠤᠨᠢ ᠳᠠᠭᠠᠭᠠᠯᠭᠠᠬᠤ ᠬᠡᠷᠡᠭᠲᠡᠢ︔ᠢᠯᠠᠩᠭᠤᠶ᠎ᠠ ᠰᠤᠷᠭᠠᠭᠤᠯᠢ ᠶᠢᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠠᠷᠢᠭᠤᠳᠬᠠᠨ ᠠᠷᠢᠯᠭᠠᠬᠤ ᠵᠡᠷᠭᠡ ᠠᠵᠢᠯ ᠢ ᠴᠢᠩᠭᠠᠳᠬᠠᠵᠤ᠂ ᠡᠷᠬᠡᠪᠰᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠡᠮᠨᠡᠨ ᠵᠠᠰᠠᠬᠤ ᠶᠢ ᠪᠡᠶᠡᠯᠡᠭᠦᠯᠵᠦ᠂ ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠤ ᠲᠠᠬᠤᠯ ᠤᠨ ᠴᠢᠨᠠᠷᠲᠠᠢ ᠭᠡᠨᠡᠳᠲᠡ ᠡᠭᠦᠰᠬᠦ ᠪᠠ ᠳᠡᠯᠭᠡᠷᠡᠬᠦ ᠠᠴᠠ ᠵᠠᠶᠢᠯᠠᠰᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠠᠢ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号