ᠬᠠᠶᠢᠷᠤᠪ ᠤᠨ ᠲᠣᠬᠤᠢ ᠲᠣᠭᠤᠷᠢᠭ ᠤᠨ ᠰᠤᠷᠤᠭᠴᠢᠳ ᠤᠨ ᠬᠤᠣᠷ᠎ᠠ ᠴᠠᠭᠠᠵᠠᠯᠠᠬᠤ ᠠᠵᠢᠯ ᠰᠢᠯᠢᠳᠡᠭ ᠠᠮᠵᠢᠯᠲᠠ ᠣᠯᠵᠠᠢ
ᠨᠡᠶᠢᠲᠡᠯᠡᠭᠰᠡᠨ ᠴᠠᠭ᠄
2023/2/20
     2 ᠰᠠᠷ᠎ᠠ ᠶᠢᠨ 17 ᠎ ᠤ ᠦᠳᠡ ᠶᠢᠨ ᠬᠤᠶᠢᠨ᠎ᠠ᠂ ᠬᠠᠶᠢᠷᠤᠪ ᠤᠨ ᠲᠣᠬᠤᠢ ᠲᠣᠭᠤᠷᠢᠭ ᠤᠨ ᠰᠣᠩᠭᠤᠨ ᠲᠣᠮᠢᠯᠠᠭᠰᠠᠨ ᠤᠷᠤᠯᠳᠤᠭᠠᠨ ᠳᠤ ᠣᠷᠣᠯᠴᠠᠭᠰᠠᠨ 4 ᠰᠤᠷᠤᠭᠴᠢ ᠦᠬᠠᠢ ᠬᠤᠳᠠ ᠳᠤ ᠶᠠᠪᠤᠭᠳᠠᠭᠰᠠᠨ︽ᠪᠦᠬᠦ ᠬᠤᠲᠠ ᠶᠢᠨ ᠵᠠᠯᠠᠭᠤᠴᠤᠳ ᠪᠠᠭᠠᠴᠤᠳ ᠤᠨ ᠬᠤᠣᠷ᠎ᠠ ᠴᠠᠭᠠᠵᠠᠯᠠᠬᠤ ᠮᠡᠳᠡᠯᠭᠡ ᠶᠢᠨ ᠤᠷᠤᠯᠳᠤᠭᠠᠨ ᠢ ᠴᠠᠭᠠᠵᠠᠯᠠᠬᠤ ᠵᠢᠴᠢ ᠪᠦᠬᠦ ᠲᠤᠭᠤᠷᠢᠭ ᠤᠨ ᠵᠠᠯᠠᠭᠤᠴᠤᠳ ᠪᠠᠭᠠᠴᠤᠳ ᠤᠨ ᠬᠤᠣᠷ᠎ᠠ ᠴᠠᠭᠠᠵᠠᠯᠠᠬᠤ ᠮᠡᠳᠡᠯᠭᠡ ᠶᠢᠨ ᠤᠷᠤᠯᠳᠤᠭᠠᠨ ᠢ ᠴᠠᠭᠠᠵᠠᠯᠠᠬᠤ ᠦᠬᠠᠢ ᠶᠢᠨ ᠰᠣᠩᠭᠤᠭᠤᠯᠢ ᠶᠢᠨ ᠤᠷᠤᠯᠳᠤᠭᠠᠨ︾᠎ ᠳᠤ ᠲᠤᠰ ᠲᠤᠰ ᠬᠤᠶᠠᠷ ᠨᠢᠭᠡᠳᠦᠭᠡᠷ᠂ ᠬᠤᠶᠠᠷ ᠬᠤᠶᠠᠳᠤᠭᠠᠷ ᠤᠨ ᠰᠢᠯᠢᠳᠡᠭ ᠬᠢᠷᠢ ᠪᠦᠲᠦᠮᠵᠢ ᠣᠯᠵᠠᠢ᠃ ᠤᠷᠤᠯᠳᠤᠭᠠᠨ ᠳᠤ ᠣᠷᠣᠯᠴᠠᠭᠰᠠᠨ 4 ᠰᠤᠷᠤᠭᠴᠢ ᠲᠤᠰ ᠲᠤᠰ ᠬᠠᠶᠢᠷᠤᠪ ᠤᠨ ᠲᠤᠬᠤᠢ ᠲᠤᠭᠤᠷᠢᠭ ᠤᠨ ᠬᠤᠶᠠᠳᠤᠭᠠᠷ ᠪᠠᠭ᠎ᠠ ᠰᠤᠷᠭᠠᠭᠤᠯᠢ ᠪᠣᠯᠣᠨ ᠦᠬᠠᠢ ᠶᠢᠨ ᠨᠠᠢᠮᠠᠳᠤᠭᠠᠷ ᠳᠤᠮᠳᠠᠳᠤ ᠰᠤᠷᠭᠠᠭᠤᠯᠢ ᠠᠴᠠ ᠢᠷᠡᠵᠠᠢ᠃ ᠡᠭᠦᠨ ᠳᠤ ᠦᠬᠠᠢ ᠶᠢᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠬᠠᠨ ᠸᠧᠨ ᠰᠢᠤᠸᠠᠨ ᠦᠬᠠᠢ ᠬᠤᠲᠠ ᠶᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠣᠷ ᠴᠠᠭᠠᠵᠠᠯᠠᠬᠤ ᠤᠷᠤᠯᠳᠤᠭᠠᠨ ᠳᠤ ᠣᠷᠤᠯᠴᠠᠬᠤ ᠪᠣᠯᠣᠨ᠎ᠠ᠃
       ᠬᠤᠷᠴᠠ ᠰᠢᠷᠦᠭᠦᠨ ᠤᠷᠤᠯᠳᠤᠭᠠᠨ ᠳᠤ᠂ ᠤᠷᠤᠯᠳᠤᠭᠠᠨ ᠳᠤ ᠣᠷᠣᠯᠴᠠᠭᠰᠠᠨ 4 ᠲᠠᠮᠢᠷᠴᠢᠨ ᠯᠠᠪᠳᠠᠭᠤᠨ ᠲᠣᠭᠲᠠᠭᠤᠨ ᠢᠶᠠᠷ ᠰᠡᠳᠦᠪ ᠬᠠᠷᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠤᠭᠴᠢᠳ ᠤᠨ ᠤᠶᠤᠨ ᠰᠠᠨᠠᠭᠠᠨ ᠤ ᠳᠦᠷᠰᠦ ᠪᠠᠶᠢᠳᠠᠯ᠂ ᠠᠷᠭᠠᠴᠠᠬᠤ ᠴᠢᠳᠠᠪᠤᠷᠢ ᠪᠣᠯᠣᠨ ᠰᠠᠶᠢᠨ ᠰᠠᠶᠢᠬᠠᠨ ᠰᠡᠳᠬᠢᠴᠡ ᠶᠢᠨ ᠬᠡᠪ ᠴᠢᠨᠠᠷ ᠢ ᠭᠦᠢᠴᠡᠳ ᠢᠯᠡᠷᠡᠭᠦᠯᠪᠡ᠃      ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠤᠭᠴᠢᠳ ᠤᠨ ᠬᠤᠣᠷᠠᠲᠤ ᠡᠳ᠋ ᠢ ᠰᠡᠷᠭᠡᠶᠢᠯᠡᠬᠦ ᠲᠤᠬᠠᠢ ᠲᠠᠨᠢᠯᠲᠠ ᠶᠢ ᠴᠢᠩᠭᠠᠳᠬᠠᠵᠤ᠂ ᠬᠤᠣᠷᠠᠲᠤ ᠡᠳ᠋ ᠤᠨ ᠬᠤᠣᠷ ᠬᠥᠨᠥᠭᠡᠯ ᠢ ᠲᠣᠳᠣᠷᠬᠠᠢ ᠲᠠᠨᠢᠬᠤ ᠶᠢᠨ ᠬᠠᠮᠲᠤ ᠥᠷᠭᠡᠨ ᠤᠯᠠᠨ ᠰᠤᠷᠤᠭᠴᠢᠳ ᠲᠤ ᠬᠤᠣᠷᠠᠲᠤ ᠡᠳ᠋ ᠢ ᠰᠡᠷᠭᠡᠶᠢᠯᠡᠬᠦ ᠦᠨᠳᠦᠰᠦᠨ ᠮᠡᠷᠭᠡᠵᠢᠯ ᠢ ᠡᠵᠡᠮᠰᠢᠭᠦᠯᠵᠡᠢ᠃ ᠠᠳᠠᠯᠢ ᠪᠤᠰᠤ ᠬᠡᠯᠪᠡᠷᠢ ᠶᠢᠨ ︽ᠬᠤᠣᠷᠲᠤ ᠡᠳ᠋ ᠠᠴᠠ ᠬᠤᠯᠠ ᠪᠠᠶᠢᠵᠤ᠂ ᠠᠮᠢ ᠨᠠᠰᠤ ᠪᠠᠨ ᠨᠠᠨᠳᠢᠩᠨᠠᠬᠤ︾᠎ ᠪᠠᠷ ᠭᠤᠣᠯ ᠰᠡᠳᠦᠪ ᠪᠣᠯᠭᠠᠭᠰᠠᠨ ᠬᠤᠣᠷ ᠴᠠᠭᠠᠵᠠᠯᠠᠬᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠮᠠᠨ ᠤ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠣᠷ ᠲᠠᠨᠢᠬᠤ᠂ ᠬᠤᠣᠷ ᠲᠡᠪᠴᠢᠬᠦ᠂ ᠬᠤᠣᠷ ᠰᠡᠷᠭᠡᠶᠢᠯᠡᠬᠦ ᠪᠠ ᠬᠤᠣᠷ ᠴᠠᠭᠠᠵᠠᠯᠠᠬᠤ ᠦᠵᠡᠯ ᠤᠬᠠᠮᠰᠠᠷ ᠢ ᠦᠷᠭᠦᠯᠵᠢᠯᠡᠨ ᠴᠢᠩᠭᠠᠷᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠲᠣᠭᠤᠷᠢᠭ ᠤᠨ ᠰᠤᠷᠤᠭᠴᠢᠳ ᠤᠨ ᠬᠤᠣᠷ ᠴᠠᠭᠠᠵᠠᠯᠠᠬᠤ ᠠᠵᠢᠯ ᠳᠤ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠣᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号