2022 ᠣᠨ ᠤ 3 ᠳ᠋ᠤᠭᠡᠷ ᠬᠤᠭᠤᠴᠠᠭ᠎ᠠ ︵ᠶᠠᠷᠦᠩᠬᠡᠢ 15 ᠳ᠋ᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2023/2/20
2023年第3期.jpg
ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠤᠯᠠᠬᠤ ᠲᠠᠯᠠᠪᠠᠢ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠡᠷᠬᠡ ᠶᠢᠨ ᠬᠠᠷᠢᠶᠠᠯᠠᠯ ᠤᠨ ᠭᠡᠷᠡᠴᠢ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠲᠣᠪᠴᠢᠶ᠎ᠠ ᠳᠤ᠄      ᠨᠢᠭᠡ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠭᠰᠡᠨ ᠦᠨᠳᠦᠰᠦᠨ ᠪᠠᠶᠢᠳᠠᠯ      ᠦᠬᠠᠢ ᠬᠤᠳᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ ᠤᠨ ᠬᠡᠷᠡᠭᠵᠢᠭᠦᠯᠬᠦ ᠪᠠᠷ ᠪᠠᠶᠢᠭ᠎ᠠ ᠥᠪᠥᠷ ᠮᠣᠩᠭᠤᠯ ᠤᠨ ᠦᠬᠠᠢ ᠬᠤᠳᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠤᠯᠠᠬᠤ ᠲᠠᠯᠠᠪᠠᠢ ᠶᠢᠨ ᠰᠢᠨ᠎ᠡ ᠪᠠᠷ ᠪᠠᠶᠢᠭᠤᠯᠬᠤ ᠢᠨᠵᠧᠨᠧᠷᠢᠩ ᠤᠨ ᠲᠦᠷᠦᠯ ᠵᠦᠢᠯ ᠤᠨ ᠲᠠᠲᠠᠪᠤᠷᠢᠯᠠᠨ ᠡᠵᠡᠯᠡᠬᠦ ᠨᠤᠲᠤᠭ ᠪᠡᠯᠴᠢᠭᠡᠷ ᠤᠨ ᠬᠡᠰᠡᠭ ᠨᠢ ᠦᠬᠠᠢ ᠬᠤᠳᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠤᠢ᠃ ᠲᠣᠰ ᠲᠥᠷᠥᠯ ᠵᠦᠢᠯ ᠢ 2022 ᠣᠨ ᠤ 6 ᠳ᠋ᠤᠭᠠᠷ ᠰᠠᠷ᠎ᠠ ᠶᠢᠨ 17᠎ ᠤ ᠡᠳᠦᠷ ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ︽ᠥᠪᠥᠷ ᠮᠣᠩᠭᠤᠯ ᠤᠨ ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠤᠯᠠᠬᠤ ᠲᠠᠯᠠᠪᠠᠶ ᠶᠢᠨ ᠰᠢᠨ᠎ᠡ ᠪᠠᠷ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠢ ᠬᠤᠪᠢᠷᠠᠭᠤᠯᠤᠨ ᠪᠦᠲᠦᠭᠡᠨ ᠪᠠᠶᠢᠭᠤᠯᠬᠤ ᠠᠭᠤᠯᠭ᠎ᠠ ᠶᠢᠨ ᠲᠤᠬᠠᠢ ᠬᠠᠶᠢᠷᠤᠪ ᠤᠨ ᠲᠣᠬᠤᠢ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠴᠣᠬᠤᠯᠠᠪᠤᠷᠢ︾ ᠭᠠᠷᠭᠠᠵᠤ ᠵᠥᠪᠰᠢᠶᠡᠷᠡᠪᠡ᠃2022 ᠣᠨ ᠤ 6 ᠰᠠᠷ᠎ᠠ ᠳᠤ᠂ ᠭᠤᠷᠪᠠᠳᠠᠭᠢ ᠡᠲᠡᠭᠡᠳ ᠤᠨ ᠬᠢᠷᠢ ᠬᠡᠮ ᠲᠠᠢ ᠬᠡᠮᠵᠢᠨ ᠵᠢᠷᠤᠬᠤ ᠺᠣᠮᠫᠠᠨᠢ ᠶᠢᠨ ᠬᠡᠮᠵᠢᠨ ᠵᠢᠷᠤᠭᠯᠠᠭᠰᠠᠨ ᠤ ᠳᠠᠷᠠᠭ᠎ᠠ᠂ ᠲᠣᠰ ᠲᠥᠷᠥᠯ ᠵᠦᠢᠯ ᠤᠨ ᠬᠠᠶᠢᠷᠤᠪ ᠤᠨ ᠲᠤᠬᠤᠢ  ᠎ ᠶᠢᠨ ᠣᠷᠣᠨ ᠪᠦᠰᠡ ᠳᠠᠬᠢ ᠬᠡᠷᠡᠭᠯᠡᠬᠦ ᠭᠠᠵᠠᠷ ᠤᠨ ᠶᠡᠷᠦᠩᠬᠡᠢ ᠲᠠᠯᠠᠪᠠᠶ ᠨᠢ 7.4489 ᠾᠧᠺᠲ᠋ᠠᠷ ᠪᠠᠶᠢᠵᠤ᠂ ᠬᠡᠮᠵᠢᠨ ᠵᠢᠷᠤᠭᠰᠠᠨ ᠦᠷ᠎ᠡ ᠪᠦᠲᠦᠭᠡᠯ ᠨᠢ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠲᠠᠢ ᠨᠡᠶᠢᠴᠡᠵᠦ᠂ ᠪᠤᠰᠤᠳ ᠡᠪᠡᠰᠦᠲᠦ ᠭᠠᠵᠠᠷ ᠤᠨ ᠶᠡᠷᠦᠩᠬᠡᠢ ᠲᠠᠯᠠᠪᠠᠶ ᠶᠢ 7.4489 ᠾᠧᠺᠲ᠋ᠠᠷ ᠡᠵᠡᠯᠡᠨ ᠬᠡᠷᠡᠭᠯᠡᠭᠰᠡᠨ ᠪᠠᠶᠢᠨ᠎ᠠ᠃     ᠬᠤᠶᠠᠷ᠂ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠵᠢᠴᠢ ᠳᠠᠭᠠᠭᠠᠴᠢᠯᠠᠨ ᠡᠵᠡᠩᠨᠡᠭᠰᠡᠨ ᠵᠡᠷᠭᠡ ᠪᠠᠶᠢᠳᠠᠯ     ᠥᠪᠥᠷ ᠮᠣᠩᠭᠤᠯ ᠤᠨ ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠤᠯᠠᠬᠤ ᠲᠠᠯᠠᠪᠠᠶ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠡᠵᠡᠯᠡᠨ ᠬᠡᠷᠡᠭᠯᠡᠭᠰᠡᠨ 7.4489 ᠾᠧᠺᠲ᠋ᠠᠷ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠪᠣᠯ ᠤᠯᠤᠰ ᠤᠨ ᠥᠮᠴᠢᠯᠡᠯ ᠪᠣᠯᠣᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠨᠢ ᠦᠨᠳᠦᠰᠦᠨ ᠨᠤᠲᠤᠭ ᠪᠡᠯᠴᠢᠭᠡᠷ ᠲᠤ ᠬᠠᠷᠢᠶᠠᠯᠠᠭᠳᠠᠬᠤ ᠦᠭᠡᠢ᠂ ᠲᠤᠰ ᠤᠯᠤᠰ ᠤᠨ ᠨᠤᠲᠤᠭ ᠪᠡᠯᠴᠢᠭᠡᠷ ᠢ ᠡᠷᠦᠬᠡ ᠳᠤ ᠳᠠᠭᠠᠭᠠᠴᠢᠯᠠᠭᠤᠯᠤᠭᠠᠳᠤᠢ᠂ ᠨᠥᠬᠦᠪᠦᠷᠢ ᠥᠭᠬᠦ ᠳᠤ ᠬᠤᠯᠪᠣᠭᠳᠠᠬᠤ ᠦᠭᠡᠢ᠂ ᠡᠷᠬᠡ ᠶᠢᠨ ᠬᠠᠷᠢᠶᠠᠯᠠᠯ ᠨᠢ ᠲᠣᠳᠣᠷᠬᠠᠢ ᠪᠥᠭᠡᠳ ᠮᠠᠷᠭᠤᠭᠠᠨ ᠦᠭᠡᠢ᠂ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠵᠡᠯᠡᠨ ᠬᠡᠷᠡᠭᠯᠡᠬᠦ ᠳᠤ ᠬᠤᠯᠪᠣᠭᠳᠠᠬᠤ ᠦᠭᠡᠢ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠵᠡᠯᠡᠨ ᠬᠡᠷᠡᠭᠯᠡᠬᠦ ᠳᠤ ᠬᠤᠯᠪᠣᠭᠳᠠᠬᠤ ᠦᠭᠡᠢ᠃                   ᠡᠭᠦᠨ ᠤ ᠲᠤᠯᠠ ᠣᠨᠴᠠᠭᠠᠶᠢᠯᠠᠨ ᠭᠡᠷᠡᠴᠢᠯᠡᠪᠡ᠃                            2022 ᠣᠨ ᠤ 7 ᠰᠠᠷ᠎ᠠ ᠶᠢᠨ 8᠎ ᠤ ᠡᠳᠤᠷ
政府公报内页(5).jpg
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号