ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ︽ᠭᠤᠷᠪᠠ ᠶᠢ ᠪᠦᠬᠦᠨ ᠢ ᠪᠦᠷᠬᠦᠬᠦᠯᠬᠦ︾ ᠪᠣᠯᠪᠠᠰᠤᠷᠠᠯ ᠤᠨ ᠬᠤᠷᠠᠯ ᠵᠢᠴᠢ ᠬᠤᠶᠠᠳᠤᠭᠠᠷ ᠤᠳᠠᠭ᠎ᠠ ᠶᠢᠨ ᠠᠵᠤ ᠠᠬᠤᠶᠢᠯᠠᠯ ᠤᠨ R&D᠎ ᠶᠢᠨ ᠪᠡᠯᠡ ᠣᠷᠣᠭᠤᠯᠤᠯᠲᠠ ᠶᠢᠨ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠲᠠᠭᠯᠠᠨ ᠮᠡᠳᠡᠭᠦᠯᠬᠦ ᠵᠢᠯᠣᠭᠤᠳᠬᠤ ᠬᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2023/2/28
      2023 ᠣᠨ ᠳᠤ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ᠂ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ᠂ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ︽ᠭᠤᠷᠪᠠ ᠶᠢ ᠪᠦᠬᠦᠨ ᠢ ᠪᠦᠷᠬᠦᠬᠦᠯᠬᠦ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ 2023 ᠣᠨ ᠤ 2 ᠰᠠᠷ᠎ᠠ ᠶᠢᠨ 13᠎ ᠤ ᠡᠳᠦᠷ᠂ ᠮᠠᠨ ᠤ ᠲᠣᠪᠴᠢᠶ᠎ᠠ 30 ᠠᠵᠤ ᠠᠬᠤᠶᠢᠯᠠᠯ ᠢ ᠳᠠᠶᠢᠴᠢᠯᠠᠨ ︽ᠭᠤᠷᠪᠠ ᠶᠢ ᠪᠦᠷᠬᠦᠬᠦᠯᠬᠦ︾ ᠪᠣᠯᠪᠠᠰᠤᠷᠠᠯ ᠤᠨ ᠬᠤᠷᠠᠯ ᠳᠤ ᠣᠷᠣᠯᠴᠠᠭᠤᠯᠵᠤ᠂ ᠬᠤᠷᠠᠯ ᠳᠤ 38 ᠬᠥᠮᠦᠨ ᠣᠷᠣᠯᠴᠠᠭᠤᠯᠪᠠ᠃ ᠬᠤᠷᠠᠯ ᠳᠡᠭᠡᠷ᠎ᠡ ︽ᠶᠦᠨ ᠺᠧ ᠭᠠᠶᠢᠯᠢ ᠶᠢᠨ ᠨᠡᠪᠲᠡᠷᠡᠯᠴᠡᠭᠡ︾᠎ ᠶᠢᠨ ᠲᠠᠪᠴᠠᠩ ᠢᠶᠠᠷ ᠲᠠᠮᠵᠢᠨ ᠪᠠᠭᠰᠢ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠰᠤᠳᠤᠯᠤᠨ ᠨᠡᠭᠡᠭᠡᠬᠦ ᠣᠷᠣᠭᠤᠯᠤᠯᠲᠠ ᠶᠢ ᠵᠦᠶ ᠵᠣᠬᠢᠰᠲᠠᠶ ᠡᠮᠬᠢᠳᠬᠡᠬᠦ᠂ ︽︿ᠡᠭᠦᠯᠡᠨ ᠰᠢᠨᠵᠢᠯᠡᠬᠦ ᠤᠬᠠᠭᠠᠨ ᠤ ᠭᠠᠶᠢᠯᠢ ᠶᠢᠨ ᠶᠠᠪᠤᠳᠠᠯ ᠤᠨ ᠲᠠᠪᠴᠠᠩ﹀᠎ ᠤᠨ ᠣᠯᠠᠨ ᠵᠦᠢᠯ ᠤᠨ ᠰᠤᠳᠤᠯᠤᠨ ᠨᠡᠭᠡᠭᠡᠬᠦ ᠵᠠᠷᠤᠳᠠᠯ ᠤᠨ ᠣᠶᠤᠨᠴᠢ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ︾᠎ ᠤᠨ ᠪᠣᠳᠠᠲᠤ ᠠᠵᠢᠯ ᠤᠨ ᠠᠵᠢᠯᠯᠠᠭ᠎ᠠ ᠵᠡᠷᠭᠡ ᠠᠭᠤᠯᠭ᠎ᠠ ᠶᠢ ᠲᠠᠶᠢᠯᠪᠤᠷᠢᠯᠠᠪᠠ᠃      2023 ᠣᠨ ᠤ 2 ᠰᠠᠷ᠎ᠠ ᠶᠢᠨ 22᠎ ᠤᠨ ᠡᠳᠦᠷ  ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠭᠤᠳ ᠮᠡᠳᠡᠭᠦᠯᠬᠦ ᠲᠠᠪᠴᠠᠩ ᠤᠨ R ᠊ D ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢ ᠲᠠᠭᠯᠠᠨ ᠮᠡᠳᠡᠭᠦᠯᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠲᠣᠪᠴᠢᠶ᠎ᠠ ᠳᠠᠬᠢᠨ 7 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠤᠶᠠᠳᠤᠭᠠᠷ ᠤᠳᠠᠭᠠᠨ ᠤ ᠠᠵᠤ ᠠᠬᠤᠶᠢᠯᠠᠯ ᠤᠨ R&D ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢ ᠲᠠᠭᠯᠠᠨ ᠮᠡᠳᠡᠭᠦᠯᠬᠦ ᠵᠢᠯᠣᠭᠤᠳᠬᠤ ᠬᠤᠷᠠᠯ ᠳᠤ ᠣᠷᠣᠯᠴᠠᠭᠤᠯᠵᠤ᠂ ︽ᠺᠧ ᠭᠠᠶᠢᠯᠢ ᠶᠢᠨ ᠨᠡᠪᠲᠡᠷᠡᠯᠴᠡᠭᠡ︾ ᠲᠠᠪᠴᠠᠩ ᠤᠨ ᠵᠢᠭᠠᠨ ᠵᠢᠯᠣᠭᠤᠳᠬᠤ ᠪᠠᠭᠰᠢ ᠰᠢᠤᠸᠠᠢ ᠶᠢᠩ ᠤᠨ ᠣᠳᠣᠬᠢ ᠱᠠᠲᠤᠨ ᠤ ᠲᠠᠪᠴᠠᠩ ᠳᠤ ᠲᠠᠭᠯᠠᠨ ᠮᠡᠳᠡᠭᠦᠯᠬᠦ ᠳᠤ ᠲᠥᠪᠯᠡᠷᠡᠭᠦᠯᠦᠨ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ ᠲᠠᠶᠢᠯᠤᠮᠵᠢ ᠬᠢᠬᠦ ᠶᠢᠨ ᠬᠠᠮᠲᠤ ᠨᠢᠭᠡ ᠳᠤ ᠨᠢᠭᠡ ᠶᠢᠨ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠬᠢᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠨᠠᠩ ᠣᠯᠠᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠳᠠᠶᠢᠴᠢᠯᠠᠨ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ︽︿ᠺᠧ ᠭᠠᠶᠢᠯᠢ ᠶᠢᠨ ᠨᠡᠪᠲᠡᠷᠡᠯᠴᠡᠭᠡ﹀ ᠣᠯᠠᠨ ᠲᠥᠷᠥᠯ ᠤᠨ ᠰᠤᠳᠤᠯᠤᠨ ᠨᠡᠭᠡᠭᠡᠬᠦ ᠵᠠᠷᠤᠳᠠᠯ ᠢ ᠣᠶᠤᠨᠴᠢ ᠪᠠᠷ ᠬᠠᠮᠢᠶᠠᠷᠬᠤ ᠦᠢᠯᠡᠴᠢᠯᠡᠭᠡᠨ ᠤ ᠲᠠᠪᠴᠠᠩ︾᠎ ᠢ ᠬᠡᠷᠡᠭᠯᠡᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠴᠤᠭᠯᠠᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠲᠣᠭᠲᠠᠭᠠᠬᠤ᠂ ᠡᠳ᠋ ᠤᠨ ᠶᠠᠪᠤᠳᠠᠯ ᠢ ᠵᠢᠷᠤᠮᠵᠢᠭᠤᠯᠤᠨ ᠬᠠᠮᠢᠶᠠᠷᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠳᠠᠷᠠᠭᠠᠬᠢ ᠨᠥᠬᠦᠪᠥᠷᠢ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠩ ᠲᠥᠬᠦᠮ ᠦᠵᠡᠭᠦᠯᠵᠦ᠂ ᠮᠠᠨ ᠤ ᠲᠤᠭᠤᠷᠢᠭ ‍ᠤᠨ‌‍ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号