ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠵᠦ ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠎ ᠪᠠᠨ ᠴᠢᠩᠭᠠᠤᠡᠬᠠᠨ᠎ᠠ
ᠨᠡᠶᠢᠲᠡᠯᠡᠭᠰᠡᠨ ᠴᠠᠭ᠄
2023/2/28
      ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠵᠢᠴᠢ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠤᠰᠠᠳᠠ᠂ 2 ᠰᠠᠷ᠎ᠠ ᠶᠢᠨ 25 ᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠴᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠦᠷᠨᠢᠭᠦᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠲᠣᠭᠤᠷᠢᠭ ᠤᠨ ᠬᠠᠷᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠪᠢᠳᠠᠨ ᠬᠠᠮᠢᠶᠠᠷᠴᠤ ᠪᠠᠶᠢᠭ᠎ᠠ ᠰᠤᠷᠭᠠᠭᠤᠯᠢ︵ᠴᠡᠴᠡᠷᠯᠢᠭ︶᠎ ᠶᠢᠨ ᠳᠠᠷᠤᠭ᠎ᠠ᠂ ᠡᠷᠡᠭᠦᠯᠵᠢᠯ ᠤᠨ ᠡᠮᠨᠡᠯᠭᠡ᠂ ᠬᠤᠭᠤᠯᠠᠨ ᠭᠡᠷ ᠤᠨ ᠬᠠᠮᠢᠶᠠᠷᠤᠭᠴᠢ ᠵᠢᠴᠢ ᠬᠤᠭᠤᠯᠠᠨ ᠭᠡᠷ ᠤᠨ ᠠᠵᠢᠯᠯᠠᠭᠰᠠᠳ ᠤᠨ 222 ᠬᠥᠮᠥᠨ ᠪᠣᠯᠪᠠᠰᠤᠷᠠᠯ ᠳᠤ ᠣᠷᠣᠯᠴᠠᠪᠠ᠃
1677462581510081192.jpg   
      ᠡᠩ ᠲᠡᠷᠢᠭᠦᠨ ᠳᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯᠲᠠᠨ ᠴᠢᠶᠣᠤ ᠢᠦᠢ  ᠰᠢᠨ᠎ᠡ ᠲᠢᠳᠢᠮᠯᠢᠭ ᠠᠭᠤᠰᠬᠢᠨ ᠦᠷᠪᠢᠰᠤᠯ  ᠵᠢᠴᠢ ᠬᠠᠯᠳᠠᠪᠤᠷᠢᠲᠤ ᠲᠠᠭᠰᠢᠭᠤᠷ᠂  ᠨᠦᠸᠧᠷᠣ᠋ ᠸᠢᠷᠦ᠋ᠰ᠂ ᠰᠡᠷᠬᠡᠨᠦᠳ ᠵᠡᠷᠭᠡ ᠬᠠᠪᠤᠷ ᠤᠨ ᠤᠯᠠᠷᠢᠯ ᠳᠤ ᠪᠠᠶᠢᠩᠭᠤ ᠲᠣᠬᠢᠶᠠᠯᠳᠤᠳᠠᠭ ᠬᠠᠯᠳᠠᠪᠤᠷᠢᠲᠤ ᠡᠪᠡᠳᠴᠢᠨ ᠤ ᠡᠪᠡᠳᠴᠢᠨ ᠡᠭᠦᠰᠬᠡᠭᠴᠢ᠂ ᠬᠠᠯᠳᠠᠪᠤᠷᠢᠯᠠᠬᠤ ᠡᠬᠢ ᠰᠤᠷᠪᠤᠯᠵᠢ᠂ ᠬᠠᠯᠳᠠᠪᠤᠷᠢᠯᠠᠬᠤ ᠶᠠᠪᠤᠴᠠ᠂ ᠡᠮᠴᠢᠯᠡᠭᠡᠨ ᠤ ᠢᠯᠡᠷᠡᠯ ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ᠂ ᠰᠤᠷᠭᠠᠭᠤᠯᠢ ᠳᠠᠭᠠᠨ ᠪᠤᠴᠠᠬᠤ ᠨᠥᠬᠦᠴᠡᠯ ᠵᠡᠷᠭᠡ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠠᠴᠠ ᠨᠢᠭᠡ ᠨᠢᠭᠡ ᠪᠠᠷ ᠨᠠᠷᠢᠨ ᠲᠠᠶᠢᠯᠪᠤᠷᠢᠯᠠᠯᠲᠠ ᠬᠢᠵᠡᠢ᠃ ᠰᠤᠷᠭᠠᠭᠤᠯᠢ ᠶᠢᠨ ᠬᠦᠷᠢᠶᠡᠨ ᠳᠤ ᠡᠭᠦᠰᠦᠭᠰᠡᠨ ᠬᠠᠯᠳᠠᠪᠤᠷᠢᠲᠤ ᠡᠪᠡᠳᠴᠢᠨ ᠤ ᠬᠠᠮᠲᠤ ᠪᠠᠷ ᠡᠭᠦᠰᠦᠭᠰᠡᠨ ᠬᠡᠷᠡᠭ ᠲᠤ ᠴᠢᠭᠯᠡᠭᠦᠯᠦᠨ᠂ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠳᠡᠭᠡᠭᠰᠢ ᠮᠡᠳᠡᠭᠦᠯᠬᠦ ᠶᠠᠪᠤᠴᠠ᠂ ᠬᠢᠴᠢᠶᠡᠯ ᠵᠣᠭᠰᠣᠬᠤ ᠨᠥᠬᠦᠴᠡᠯ ᠵᠡᠷᠭᠡ ᠭᠤᠣᠯᠳᠠᠯᠭ᠎ᠠ ᠳᠤ ᠳᠠᠬᠢᠨᠲᠠ ᠲᠣᠳᠣᠷᠬᠠᠶᠢᠯᠠᠯᠲᠠ ᠬᠢᠪᠡ᠃ᠳᠠᠷᠠᠭ᠎ᠠ ᠨᠢ ᠬᠠᠶᠢᠷᠤᠪ ᠤᠨ ᠲᠤᠬᠤᠢ ᠲᠤᠭᠤᠷᠢᠭ ᠤᠨ  ᠨᠠᠢᠮᠠᠳᠤᠭᠠᠷ ᠬᠡᠦᠬᠡᠳ ᠤᠨ ᠴᠡᠴᠡᠷᠯᠢᠭ ᠤᠨ ᠯᠢᠦ ᠰᠢᠶᠣᠣ ᠶᠠᠨ ᠳᠡᠳ᠋ ᠳᠠᠷᠤᠭ᠎ᠠ ᠲᠤᠰ ᠴᠡᠴᠡᠷᠯᠢᠭ ᠤᠨ ᠪᠣᠳᠠᠲᠠᠢ ᠬᠡᠷᠡᠭ ᠤᠨ ᠵᠢᠱᠢᠶ᠎ᠡ ᠠᠴᠠ ᠡᠭᠦᠰᠴᠦ᠂ ᠡᠳᠦᠷ ᠲᠤᠲᠤᠮ ᠤᠨ ᠠᠵᠢᠯ ᠤᠨ ᠳᠤᠮᠳᠠᠬᠢ ᠸᠢᠷᠦ᠋ᠰ ᠢ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠ ᠠᠷᠭ᠎ᠠ ᠬᠢᠳᠡᠯ ᠢᠶᠠᠨ ᠬᠤᠪᠢᠶᠠᠯᠴᠠᠵᠤ᠂ ᠲᠤᠬᠠᠢ ᠶᠢᠨ ᠲᠠᠯᠠᠪᠤᠷ ᠤᠨ ᠪᠣᠯᠪᠠᠰᠤᠷᠠᠭᠤᠯᠤᠯ ᠤᠨ ᠠᠵᠢᠯᠲᠠᠳ ᠤᠨ ᠰᠠᠶᠢᠨ ᠦᠨᠡᠯᠡᠯᠲᠡ ᠶᠢ ᠣᠯᠵᠤ᠂ ᠡᠯ᠎ᠡ ᠰᠤᠷᠭᠠᠭᠤᠯᠢ ᠳᠤ ᠰᠠᠶᠢᠨ ᠲᠤᠷᠰᠢᠯᠭ᠎ᠠ ᠪᠠ ᠰᠢᠨ᠎ᠡ ᠠᠵᠢᠯ ᠤᠨ ᠰᠡᠳᠬᠢᠮᠵᠢ ᠬᠠᠩᠭᠠᠭᠰᠠᠨ ᠪᠠᠶᠢᠨ᠎ᠠ᠃
1677462597403027714.jpg
1677462618509072420.jpg
         ᠵᠠᠯᠭᠠᠭᠠᠳ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠢᠨᠠᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠸᠠᠩ ᠲᠢᠶᠧ ᠸᠧᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠪᠣᠯᠪᠠᠰᠤᠷᠠᠯ ᠬᠦᠷᠲᠡᠭᠡᠵᠡᠢ᠃ ᠪᠣᠯᠪᠠᠰᠤᠷᠠᠭᠤᠯᠤᠯ ᠤᠨ ᠬᠤᠷᠠᠯ ᠠᠴᠠ ᠢᠳᠡᠭᠡᠨ ᠤ ᠠᠮᠤᠷ ᠲᠦᠪᠰᠢᠨ ᠤ ᠲᠠᠯ᠎ᠠ ᠪᠠᠷ ᠠᠮᠠᠷᠬᠠᠨ ᠭᠠᠷᠬᠤ ᠳᠠᠯᠳᠠ ᠬᠡᠮ ᠤᠨ ᠠᠰᠠᠭᠤᠳᠠᠯ ᠢ ᠵᠢᠭᠠᠨ ᠭᠠᠷᠭᠠᠵᠤ᠂ ᠰᠤᠷᠭᠠᠭᠤᠯᠢ ᠶᠢ ᠰᠢᠪᠠᠳᠠᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠦᠨᠳᠦ ᠨᠣᠴᠢᠲᠠᠢ ᠪᠠᠶᠢᠳᠠᠯ ᠢ ᠭᠦᠢᠴᠡᠳ ᠲᠠᠨᠢᠭᠤᠯᠵᠤ᠂ ᠰᠤᠷᠭᠠᠭᠤᠯᠢ ᠶᠢ ᠵᠢᠯᠣᠭᠤᠳᠤᠨ ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠪᠠᠶᠢᠴᠠᠭᠠᠯᠲᠠ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ︽ᠢᠳᠡᠭᠡᠨ ᠤ ᠠᠮᠤᠷ ᠲᠦᠪᠰᠢᠨ ᠤ ᠬᠠᠤᠯᠢ︾ ᠂ ︽ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠪᠠ ᠠᠵᠢᠯᠯᠠᠭᠠᠨ ᠤ ᠵᠢᠷᠤᠮᠵᠢᠯ︾ ᠵᠢᠴᠢ ︽ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠰᠢᠢᠳᠪᠦᠷᠢᠯᠡᠬᠦ︾ ᠵᠡᠷᠭᠡ ᠬᠤᠯᠪᠣᠭᠳᠠᠯ ᠪᠦᠬᠦᠢ ᠮᠡᠳᠡᠯᠭᠡ ᠶᠢ ᠲᠠᠶᠢᠯᠪᠤᠷᠢᠯᠠᠨ ᠶᠠᠷᠢᠵᠠᠢ᠃ ᠰᠤᠷᠭᠠᠭᠤᠯᠢ ᠶᠢᠨ ᠢᠳᠡᠭᠡᠨ ᠤ ᠠᠵᠢᠯ ᠡᠷᠬᠢᠯᠡᠭᠴᠢᠳ ᠤᠨ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠪ ᠪᠣᠯᠪᠠᠰᠤᠷᠠᠯ ᠪᠠ ᠬᠠᠷᠢᠯᠴᠠᠨ ᠬᠤᠯᠪᠣᠭᠳᠠᠬᠤ ᠮᠡᠳᠡᠯᠭᠡ ᠴᠢᠳᠠᠪᠤᠷᠢ ᠶᠢ ᠦᠨᠡᠨᠬᠦ ᠴᠢᠩᠭᠠᠳᠬᠠᠵᠤ᠂ ᠲᠡᠳᠡᠨ ᠤ ᠬᠠᠤᠯᠢ ᠴᠠᠭᠠᠵᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠠ ᠲᠦᠭᠰᠢᠭᠦᠷᠢ ᠶᠢᠨ ᠤᠬᠠᠮᠰᠠᠷ ᠢ ᠴᠢᠩᠭᠠᠳᠬᠠᠵᠤ᠂ ᠰᠤᠷᠭᠠᠭᠤᠯᠢ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠷᠠᠯ ᠳᠤ ᠣᠷᠣᠯᠴᠠᠭᠰᠠᠳ ᠰᠣᠷᠣᠭᠰᠠᠨ ᠮᠡᠳᠡᠯᠭᠡ ᠤᠷ᠎ᠠ ᠴᠢᠳᠠᠪᠤᠷᠢ ᠪᠠᠨ ᠨᠡᠪᠲᠡᠷᠡᠲᠡᠯ᠎ᠡ ᠣᠶᠢᠯᠠᠭᠠᠵᠤ᠂ ᠨᠢᠭᠡ ᠠᠴᠠ ᠵᠦᠢᠴᠢᠯᠡᠵᠦ ᠬᠤᠶᠠᠷ ᠢ ᠮᠡᠳᠡᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠵᠦᠢᠯ ᠤᠨ ᠠᠮᠤᠷ ᠲᠦᠪᠰᠢᠨ ᠡᠵᠡᠩᠨᠡᠯᠲᠡ ᠳᠤ ᠠᠮᠢᠳᠤᠯᠢᠭ ᠢᠶᠠᠷ ᠬᠡᠷᠡᠭᠯᠡᠵᠦ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠬᠤ ᠶᠢ ᠬᠦᠰᠡᠵᠦ ᠪᠠᠶᠢᠨ᠎ᠠ᠃
1677462618509072420.jpg
1677462635625001685.jpg
         ᠪᠣᠯᠪᠠᠰᠤᠷᠠᠯ ᠤᠨ ᠡᠴᠦᠰ ᠲᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠸᠧᠢ ᠨᠥᠬᠦᠷ᠂ ᠣᠳᠣᠬᠠᠨ ᠤ ᠪᠠᠶᠢᠳᠠᠯ ᠳᠣᠣᠷ᠎ᠠ᠂ ᠡᠯ᠎ᠡ ᠰᠤᠷᠭᠠᠭᠤᠯᠢ ᠶᠢᠨ ᠬᠢᠨ ᠡᠷᠬᠡᠪᠰᠢ ᠲᠠᠨᠢᠯᠲᠠ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ᠂ ᠰᠡᠷᠭᠡᠶᠢᠯᠡᠨ ᠡᠵᠡᠮᠳᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠡᠯ᠎ᠡ ᠵᠦᠢᠯ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠪᠦᠬᠦ ᠪᠠᠭᠰᠢ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠪᠣᠯᠣᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨᠬᠦ  ᠬᠠᠮᠭᠠᠯᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号