ᠬᠠᠶᠢᠷᠤᠪ ᠤᠨ ᠲᠣᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠥᠯᠵᠡᠶᠢᠲᠦ ᠡᠳᠦᠷ ᠤᠨ ᠪᠠᠶᠠᠷ ᠠᠴᠠ ᠡᠮᠦᠨ᠎ᠡ 2023 ᠣᠨ ᠤ ᠨᠢᠭᠡᠳᠦᠭᠡᠷ ᠤᠯᠠᠷᠢᠯ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ  ᠦᠷᠨᠢᠭᠦᠯᠪᠡ
ᠨᠡᠶᠢᠲᠡᠯᠡᠭᠰᠡᠨ ᠴᠠᠭ᠄
2023/2/3
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠎ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠲᠠᠮᠠᠬᠠᠢ ᠬᠡᠢ ᠶᠢᠨ ᠠᠵᠢᠯ ᠤᠨ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ ᠪᠠᠷ ᠥᠷᠨᠢᠬᠦ ᠶᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 2 ᠎ ᠤᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠤᠰᠬᠠᠢ ᠮᠡᠷᠭᠡᠵᠢᠯᠲᠡᠨ ᠢ ᠤᠷᠢᠵᠤ ᠨᠢᠭᠡᠳᠦᠭᠡᠷ ᠤᠯᠠᠷᠢᠯ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠂ ᠲᠤᠰ ᠤᠳᠠᠭ᠎ᠠ ᠶᠢᠨ ᠪᠠᠶᠢᠴᠠᠭᠠᠯᠲᠠ ᠶᠢ ᠭᠤᠣᠯᠳᠠᠭᠤ ᠬᠠᠷᠢᠶ᠎ᠠ ᠣᠷᠣᠨ ᠤ ᠳᠣᠲᠣᠷᠠᠬᠢ ᠦᠬᠠᠢ ᠬᠤᠳᠠ ᠶᠢᠨ ᠷᠦᠢ  ᠳ᠋ᠧ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ᠂ ᠦᠬᠠᠢ ᠬᠤᠳᠠ ᠶᠢᠨ ᠵᠦᠩ ᠪᠠᠩ ᠰᠢᠩᠭᠡᠨᠵᠢᠮᠡᠯ ᠬᠡᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠭᠤᠣᠯᠳᠠᠯᠭ᠎ᠠ ᠲᠠᠢ ᠰᠢᠲᠠᠮᠠᠬᠠᠢ ᠬᠡᠢ ᠶᠢᠨ ᠠᠵᠤ ᠠᠬᠤᠶᠢᠯᠠᠯ ᠳᠤ ᠴᠢᠭᠯᠡᠭᠦᠯᠵᠡᠢ᠃ᠭᠤᠣᠯ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠠᠶᠤᠯ ᠦᠭᠡᠢ ᠦᠢᠯᠡᠳᠪᠦᠷᠢᠯᠡᠯ ᠤᠨ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠵᠤ᠂ ᠠᠰᠠᠭᠤᠳᠠᠯ ᠢ ᠪᠦᠷᠢᠨ ᠪᠠᠶᠢᠴᠠᠭᠠᠵᠤ᠂ ᠬᠡᠮ ᠰᠣᠭᠤᠭ ᠢ ᠣᠨᠣᠪᠴᠢᠲᠠᠶ ᠡᠷᠢᠬᠦ ᠶᠢ ᠦᠨᠡᠨᠬᠦ ᠪᠠᠳᠤᠯᠠᠪᠠ᠃ᠬᠠᠤᠯᠢ ᠬᠡᠷᠡᠭᠵᠢᠭᠦᠯᠬᠦ ᠲᠣᠪᠴᠢᠶ᠎ᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠳᠠᠬᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠪᠠ᠃
1675336042938010425.png   
      ᠡᠭᠦᠨ ᠤ ᠬᠠᠮᠲᠤ᠂ ᠠᠵᠤ ᠠᠬᠤᠶᠢᠯᠠᠯ ᠳᠤ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠦᠢᠯᠡᠴᠢᠯᠡᠭᠡ ᠬᠠᠩᠭᠠᠵᠤ᠂ ᠬᠤᠳᠠᠯᠳᠤᠭ᠎ᠠ ᠡᠷᠭᠢᠯᠡᠬᠦ ᠰᠠᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠦᠢᠯᠡᠴᠢᠯᠡᠭᠡᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠭᠤᠥᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠨ᠎ᠠ᠃

 

1675336089708040726.png

 

1675336113274015334.png

      ᠲᠠᠷᠠᠭᠠᠴᠢ ᠶᠢᠨ ᠠᠯᠬᠤᠮ ᠳᠤ᠂ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠠᠮᠢᠶ᠎ᠠ ᠪᠦᠬᠦᠢ ᠱᠠᠭᠠᠷᠳᠠᠯᠭ᠎ᠠ ᠶᠢ

ᠴᠢᠩᠭ᠎ᠠ ᠵᠢᠷᠤᠮᠯᠠᠨ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ

ᠦᠷᠭᠦᠯᠵᠢᠯᠡᠨ ᠴᠢᠩᠭᠠᠷᠠᠭᠤᠯᠵᠤ᠂ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠭᠤᠣᠯ

ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠪᠥᠬᠦ  ᠲᠤᠭᠤᠷᠢᠭ ᠤᠨ

ᠰᠠᠭᠤᠭᠠᠯᠢ ᠠᠷᠠᠳ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠰᠠᠶᠢᠲᠤᠷ

ᠬᠢᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠴᠥᠬᠦᠷᠡᠰᠢ ᠦᠭᠡᠢ ᠪᠠᠶᠢᠩᠭᠤ

ᠠᠳᠬᠤᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃

 

微信图片_20230201164448.jpg

 

微信图片_20230201164453.jpg

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号