ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠪᠡ
ᠨᠡᠶᠢᠲᠡᠯᠡᠭᠰᠡᠨ ᠴᠠᠭ᠄
2023/2/3
      ᠨᠢᠳᠤᠨᠤᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠥᠭᠵᠢᠯᠲᠡ ᠶᠢ ᠠᠬᠢᠭᠤᠯᠬᠤ ᠳᠤᠮᠳᠠ ᠢᠳᠡᠪᠬᠢᠲᠡᠢ ᠠᠵᠢᠯᠯᠠᠵᠤ᠂ ᠡᠶ᠎ᠡ ᠵᠣᠬᠢᠴᠠᠯ ᠢ ᠠᠬᠢᠭᠤᠯᠬᠤ ᠳᠤᠮᠳᠠ ᠳᠠᠪᠠᠭᠤᠯᠢᠭ ᠢᠶᠠᠨ ᠪᠠᠳᠠᠷᠠᠭᠤᠯᠤᠨ᠂ ᠪᠥᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃     ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠪᠠᠲᠤᠳᠬᠠᠪᠠ     ᠬᠠᠶᠢᠷᠤᠪ ᠤᠨ ᠲᠣᠬᠤᠢ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠢᠮᠠᠭᠲᠠ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠪᠦᠯᠬᠦᠮᠳᠡᠭᠦᠯᠦᠨ ᠳᠠᠭᠠᠭᠤᠯᠵᠤ ᠪᠠᠶᠢᠭᠠᠳ ᠦᠵᠡᠯ ᠰᠠᠨᠠᠭ᠎ᠠ ᠶᠢ ᠨᠢ ᠨᠢᠭᠡᠳᠬᠡᠵᠦ᠂ ᠬᠠᠮᠲᠤ ᠶᠢᠨ ᠲᠠᠨᠢᠯᠲᠠ ᠶᠢ ᠨᠢ ᠨᠢᠭᠲᠠᠷᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤᠳᠬᠠᠪᠠ᠃      ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠨᠢ ᠤᠯᠤᠰ ᠲᠥᠷᠥ ᠶᠢᠨ ᠵᠥᠪᠯᠡᠯᠭᠡᠨ ᠪᠣᠯ ᠤᠯᠤᠰ ᠲᠥᠷᠥ ᠶᠢᠨ ᠵᠣᠬᠢᠶᠠᠨ ᠪᠠᠶᠢᠭᠤᠯᠤᠯᠲᠠ ᠮᠥᠨ ᠭᠡᠬᠦ ᠡᠨᠡᠬᠦ ᠦᠨᠳᠦᠰᠦᠨ ᠰᠢᠨᠵᠢ ᠴᠢᠨᠠᠷ ᠢ ᠪᠠᠲᠤ ᠡᠵᠡᠮᠰᠢᠵᠦ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠥᠬᠦ ᠶᠠᠪᠤᠴᠠ ᠪᠠ ᠡᠯ᠎ᠡ ᠲᠠᠯ᠎ᠠ ᠳᠤ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ᠤᠯᠤᠰ ᠲᠥᠷᠥ ᠶᠢᠨ ᠪᠠᠲᠤ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠤᠯᠤᠰ ᠲᠥᠷᠥ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ᠂ ︽ᠳᠥᠷᠪᠡᠨ ᠤᠬᠠᠮᠰᠠᠷ︾᠎ ᠢ ᠴᠢᠩᠭᠠᠳᠬᠠᠬᠤ᠂ ︽ᠳᠥᠷᠪᠡᠨ ᠢᠲᠡᠭᠡᠯ︾᠎ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠳᠤᠮᠳᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠷᠤᠭᠰᠢᠯᠠᠬᠤ ᠴᠢᠭᠯᠡᠯ ᠢᠶᠠᠨ ᠪᠠᠲᠤ ᠡᠵᠡᠮᠳᠡᠬᠦ ᠬᠡᠷᠡᠭᠲᠡᠢ︔ᠲᠤᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠦᠢᠯᠡᠰ ᠢ ᠲᠤᠭᠤᠷᠢᠭ ᠤᠨ ᠨᠠᠮ ᠤᠨ ᠬᠤᠷᠢᠶ᠎ᠠ ᠳᠤ ᠳᠡᠪᠰᠢᠭᠦᠯᠦᠨ ᠬᠢᠨᠠᠨ ᠲᠣᠭᠲᠠᠭᠠᠯᠭᠠᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ ᠵᠥᠪᠳᠡᠯᠴᠡᠨ ᠲᠤᠭᠤᠷᠢᠭ ᠤᠨ ᠨᠠᠮ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠵᠦ᠂ ᠴᠢᠬᠤᠯᠠ ᠬᠤᠷᠠᠯ ᠠᠴᠠ ᠲᠤᠭᠤᠷᠢᠭ ᠤᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠶᠢ ᠤᠷᠢᠨ ᠣᠷᠣᠯᠴᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠢᠮᠠᠭᠲᠠ ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠯᠲᠡᠢ ᠤᠳᠤᠷᠢᠳᠤᠯᠭ᠎ᠠ ᠳᠣᠣᠷ᠎ᠠ ᠲᠥᠯᠥᠪᠵᠢᠭᠦᠯᠬᠦ ᠪᠠ ᠥᠷᠨᠢᠭᠦᠯᠬᠦ ᠶᠢ ᠦᠨᠡᠨᠬᠦ ᠪᠠᠲᠤᠯᠠᠨ᠎ᠠ᠃    ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠢᠨ ᠣᠨᠣᠯ ᠤᠨ ᠰᠤᠷᠤᠯᠴᠠᠯᠭ᠎ᠠ ᠶᠢ ᠡᠯ᠎ᠡ ᠲᠥᠷᠥᠯ ᠤᠨ ᠬᠤᠷᠠᠯ ᠤᠨ ᠴᠢᠬᠤᠯᠠ ᠵᠥᠪᠯᠡᠬᠦ ᠰᠡᠳᠦᠪ᠂ ︽ᠨᠢᠭᠡᠳᠦᠭᠡᠷ ᠵᠥᠪᠯᠡᠬᠦ ᠰᠡᠳᠦᠪ︾ ᠪᠣᠯᠭᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠤᠳᠤᠷᠢᠳᠬᠤ ᠳᠤᠭᠤᠶᠢᠯᠠᠩ ᠤᠨ ᠬᠤᠷᠠᠯ᠂ ᠲᠡᠷᠢᠭᠦᠯᠡᠭᠴᠢᠳ ᠤᠨ ᠬᠤᠷᠠᠯ᠂ ᠪᠠᠶᠢᠩᠭᠤ ᠶᠢᠨ ᠬᠤᠷᠢᠶᠠᠨ ᠤ ᠬᠤᠷᠠᠯ᠂ ᠪᠠᠶᠢᠭᠤᠯᠤᠯᠭ᠎ᠠ ᠶᠢᠨ ᠰᠤᠷᠤᠯᠴᠠᠯᠭ᠎ᠠ ᠶᠢᠨ ᠬᠤᠷᠠᠯ ᠢ 50 ᠭᠠᠷᠤᠢ ᠤᠳᠠᠭ᠎ᠠ ᠬᠤᠷᠠᠯᠳᠤᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ  ᠤᠨ ᠬᠠᠮᠤᠭ ᠤᠨ ᠰᠢᠨ᠎ᠡ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠲᠠᠭᠠᠨ ᠰᠤᠷᠤᠯᠴᠠᠵᠤ᠂ ᠦᠨᠡᠨᠬᠦ ᠨᠠᠮ ᠤᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠪᠠ︔︽ᠪᠢᠴᠢᠭ ᠤᠨ ᠰᠤᠷᠪᠤᠯᠵᠢᠲᠤ ᠤᠯᠤᠰ ᠲᠦᠷᠦ ᠶᠢᠨ ᠵᠥᠪᠯᠡᠯᠭᠡᠨ︾᠎ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠨᠣᠮ ᠤᠩᠰᠢᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ︾ ᠭᠡᠰᠢᠭᠦᠳ ᠤᠨ ᠨᠣᠮ ᠤᠩᠰᠢᠬᠤ ᠠᠵᠢᠯᠯᠠᠭ᠎ᠠ ᠶᠢ ᠥᠷᠨᠢᠭᠦᠯᠵᠦ᠂ ᠥᠷᠭᠡᠨ ᠤᠯᠠᠨ ᠭᠡᠰᠢᠭᠦᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠤᠨᠤᠯ ᠢ ᠤᠩᠰᠢᠬᠤ᠂ ᠲᠤᠬᠠᠶᠢᠯᠠᠭᠰᠠᠨ ᠠᠵᠢᠯ ᠤᠨ ᠮᠡᠳᠡᠯᠭᠡ ᠶᠢ ᠤᠩᠰᠢᠬᠤ᠂ ᠤᠯᠤᠰ ᠤᠨ ᠰᠤᠷᠭᠠᠯ ᠤᠨ ᠰᠣᠩᠭᠤᠳᠠᠭ ᠵᠣᠬᠢᠶᠠᠯ ᠢ ᠤᠩᠰᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ᠂ ᠠᠷᠠᠳᠴᠢᠯᠠᠭᠰᠠᠨ ᠨᠠᠮ ᠪᠦᠯᠦᠭ ᠵᠢᠴᠢ ᠭᠡᠰᠢᠭᠦᠳ ᠥᠪᠡᠷ ᠢᠶᠠᠨ ᠵᠣᠬᠢᠶᠠᠨ ᠪᠠᠶᠢᠭᠤᠯᠵᠤ ᠪᠠᠶᠢᠭ᠎ᠠ ᠨᠢᠭᠡᠴᠢ ᠪᠠᠨ ᠲᠠᠶᠢᠴᠢᠯᠠᠨ ᠰᠦᠯᠵᠢᠶᠡᠨ ᠭᠠᠳᠠᠨ᠎ᠠ ᠨᠣᠮ ᠤᠩᠰᠢᠬᠤ ᠠᠵᠢᠯᠯᠠᠭ᠎ᠠ ᠶᠢ ᠨᠡᠶᠢᠳᠡ 5 ᠲᠠᠯᠠᠪᠤᠷ ᠥᠷᠨᠢᠭᠦᠯᠵᠦ᠂ 50 ᠭᠠᠷᠤᠢ ᠬᠤᠪᠢ ᠨᠣᠮ ᠤᠩᠰᠢᠭᠰᠠᠨ ᠣᠯᠣᠯᠲᠠ ᠶᠢ ᠴᠤᠭᠯᠠᠭᠤᠯᠤᠨ ᠡᠮᠬᠢᠳᠬᠡᠪᠡ᠃ ᠪᠠᠶᠢᠭᠤᠯᠭ᠎ᠠ ᠶᠢᠨ ᠪᠦᠬᠦ ᠭᠡᠰᠢᠭᠦᠳ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠶᠡᠭᠡ ᠬᠤᠷᠠᠯ ᠢ ᠰᠣᠨᠢᠷᠬᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠨᠡᠶᠢᠭᠡᠮ ᠲᠣᠭᠤᠷᠢᠭ᠂ ᠰᠤᠷᠭᠠᠭᠤᠯᠢ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ᠂ ᠪᠠᠶᠢᠭᠤᠯᠭ᠎ᠠ ᠶᠢᠨ ᠠᠵᠢᠯᠲᠠᠳ ᠲᠤ ᠬᠠᠨᠳᠤᠭᠤᠯᠤᠨ ᠰᠦᠯᠵᠢᠶᠡᠨ ᠳᠡᠭᠡᠷ᠎ᠡ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃    ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠪᠠ     ᠬᠠᠶᠢᠷᠤᠪ ᠤᠨ ᠲᠣᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠵᠥᠪᠯᠡᠬᠦ ᠠᠷᠠᠳᠴᠢᠯᠠᠯ ᠢ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠦᠬᠦ ᠶᠠᠪᠤᠴᠠ ᠳᠤ ᠲᠤᠤᠱᠯᠠᠭᠤᠯᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠵᠥᠪᠯᠡᠬᠦ ᠠᠷᠠᠳᠴᠢᠯᠠᠯ ᠤᠨ ᠳᠦᠷᠢᠮᠵᠢᠬᠦ᠂ ᠵᠢᠷᠤᠮᠵᠢᠬᠤ᠂ ᠳᠡᠰ ᠳᠠᠷᠠᠭᠠᠵᠢᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠳᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ ᠰᠠᠶᠢᠨ ᠬᠤᠪᠢᠷᠠᠭᠤᠯᠬᠤ ᠳᠤ ᠲᠠᠪᠴᠠᠩ ᠲᠠᠯᠪᠢᠵᠤ ᠵᠠᠮ ᠳᠡᠪᠢᠰᠴᠦ ᠥᠭᠪᠡ᠃     ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠢᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠲᠤᠭᠤᠷᠢᠭ ᠤᠨ ᠨᠠᠮ ᠤᠨ ᠬᠤᠷᠢᠶᠠᠨ ᠤ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠬᠤ ᠶᠢ ᠪᠠᠷᠢᠮᠲᠠᠯᠠᠵᠤ᠂ ᠵᠥᠪᠯᠡᠬᠦ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ ᠥᠷᠭᠡᠳᠬᠡᠵᠦ᠂ ᠠᠩᠬ᠎ᠠ ᠤᠳᠠᠭ᠎ᠠ ᠲᠤᠰᠬᠠᠢ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶ᠎ᠠ ᠶᠢᠨ ᠵᠥᠪᠯᠡᠯᠭᠡ ᠪᠠ ᠵᠠᠰᠠᠭ ᠤᠨ ᠶᠠᠪᠤᠳᠠᠯ ᠢ ᠵᠥᠪᠯᠡᠬᠦ ᠶᠢ ᠵᠣᠬᠢᠶᠠᠨ ᠪᠠᠶᠢᠭᠤᠯᠵᠤ᠂ ᠠᠩᠬ᠎ᠠ ᠤᠳᠠᠭ᠎ᠠ ᠬᠢᠨᠠᠯᠲᠠ ᠲᠠᠯᠪᠢᠵᠤ ᠵᠥᠪᠳᠡᠯᠴᠡᠬᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠵᠥᠪᠯᠡᠯᠭᠡ ᠶᠢ ᠣᠨ ᠤ ᠵᠥᠪᠯᠡᠬᠦ ᠲᠥᠯᠥᠪᠯᠡᠭᠡ ᠶᠢᠨ ᠳᠡᠭᠡᠳᠦ ᠪᠠᠶᠢᠷᠢᠨ ᠳᠤ ᠣᠷᠣᠭᠤᠯᠤᠨ ᠠᠬᠢᠭᠤᠯᠵᠤ᠂ ᠣᠨ ᠳᠤ 8 ᠤᠳᠠᠭ᠎ᠠ ᠡᠯ᠎ᠡ ᠲᠥᠷᠥᠯ ᠤᠨ ᠵᠥᠪᠯᠡᠬᠦ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠵᠥᠪᠯᠡᠬᠦ ᠠᠵᠢᠯᠯᠠᠭ᠎ᠠ ᠶᠢᠨ ᠦᠷ᠎ᠡ ᠪᠦᠲᠦᠭᠡᠯ ᠢ 6 ᠬᠤᠪᠢ ᠮᠡᠳᠡᠭᠦᠯᠦᠨ ᠬᠦᠷᠭᠡᠵᠦ᠂ ᠭᠤᠷᠪᠠᠨ ᠲᠤᠭᠤᠷᠢᠭ ᠳᠤ ᠤᠯᠤᠰ ᠲᠥᠷᠥ ᠶᠢᠨ ᠵᠥᠪᠯᠡᠯᠭᠡᠨ ᠤ ᠭᠤᠷᠪᠠᠨ ᠱᠠᠲᠤᠨ ᠤ ᠬᠤᠯᠪᠤᠭᠠᠯᠠᠨ ᠬᠥᠳᠡᠯᠦᠯᠴᠡᠬᠦ ᠵᠥᠪᠯᠡᠬᠦ ᠠᠵᠢᠯᠯᠠᠭ᠎ᠠ ᠶᠢ ᠤᠷᠢᠳᠠᠪᠠᠷ ᠪᠡᠶᠡᠯᠡᠭᠦᠯᠪᠡ᠃ ︽ᠬᠠᠶᠢᠷᠤᠪ ᠤᠨ ᠲᠣᠬᠤᠢ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠵᠢᠯ ᠤᠨ ᠳᠦᠷᠢᠮ︾᠎ ᠢ ᠲᠣᠭᠲᠠᠭᠠᠵᠤ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳᠴᠢᠯᠠᠭᠰᠠᠨ ᠨᠠᠮ ᠪᠦᠯᠦᠭ᠂ ᠭᠡᠰᠢᠭᠦᠳ ᠵᠡᠷᠭᠡ ᠳᠤ ᠬᠠᠨᠳᠤᠭᠤᠯᠤᠨ ᠵᠥᠪᠯᠡᠬᠦ ᠰᠡᠳᠦᠪ ᠢ ᠥᠷᠭᠡᠨ ᠢᠶᠠᠷ ᠴᠤᠭᠯᠠᠭᠤᠯᠵᠤ᠂ ᠵᠥᠪᠯᠡᠬᠦ ᠠᠵᠢᠯᠯᠠᠭ᠎ᠠ ᠶᠢᠨ ᠡᠳᠦᠷ ᠢᠷᠡᠬᠦᠶ᠎ᠡ ᠵᠢᠷᠤᠮᠵᠢᠵᠤ ᠳᠦᠷᠢᠮᠵᠢᠬᠦ ᠶᠢ ᠲᠦᠯᠬᠢᠨ ᠠᠬᠢᠭᠤᠯᠪᠠ᠃    ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ︾᠎ ᠶᠢᠨ ᠲᠣᠭᠤᠷᠢᠨ ᠳᠤ ᠵᠥᠪᠯᠡᠬᠦ ᠬᠡᠯᠪᠡᠷᠢ ᠶᠢᠨ ᠬᠢᠨᠠᠯᠲᠠ ᠲᠠᠯᠪᠢᠯᠲᠠ ᠶᠢ ᠥᠷᠨᠢᠭᠦᠯᠵᠦ᠂ ᠲᠤᠰᠬᠠᠢ ᠮᠡᠷᠭᠡᠵᠢᠯᠲᠡᠨ᠂ ᠭᠡᠰᠢᠭᠦᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠷᠭᠡ ᠶᠢ ᠵᠣᠬᠢᠶᠠᠨ ᠪᠠᠶᠢᠭᠤᠯᠤᠨ ᠰᠠᠯᠠᠭ᠎ᠠ ᠮᠥᠴᠢᠷ᠂ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠵᠥᠪᠳᠡᠯᠴᠡᠨ ᠰᠣᠯᠢᠯᠴᠠᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠ ᠬᠠᠮᠢᠶ᠎ᠠ ᠪᠦᠬᠦᠢ ᠲᠤᠰᠬᠠᠢ ᠵᠥᠪᠯᠡᠯ ᠢ ᠤᠷᠢᠵᠤ ᠵᠥᠪᠯᠡᠯᠭᠡᠨ ᠤ ᠬᠤᠷᠠᠯ ᠳᠤ ᠣᠷᠣᠯᠴᠠᠭᠤᠯᠤᠨ᠎ᠠ︔ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠥᠯ ᠤᠨ 3.0 ᠳ᠋ᠤᠭᠠᠷ ᠬᠡᠪᠯᠡᠯ ᠤᠨ ᠮᠠᠨ ᠤ ᠲᠤᠭᠤᠷᠢᠭ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ ︽ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠬᠤ ᠲᠤᠬᠠᠢ︾ ᠵᠥᠪᠯᠡᠬᠦ ᠠᠵᠢᠯᠯᠠᠭ᠎ᠠ ᠶᠢ ᠥᠷᠨᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠵᠤ ᠠᠬᠤᠶᠢᠯᠠᠯ ᠤᠨ ᠲᠥᠯᠥᠭᠡᠯᠡᠭᠴᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠢ ᠵᠣᠬᠢᠶᠠᠨ ᠪᠠᠶᠢᠭᠤᠯᠤᠨ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶᠠᠨ ᠤ ᠲᠤᠰᠬᠠᠢ ᠰᠡᠳᠦᠪᠲᠦ ᠬᠤᠷᠠᠯ ᠳᠡᠭᠡᠷ᠎ᠡ ᠰᠣᠯᠢᠯᠴᠠᠭᠤᠯᠤᠨ ᠶᠠᠷᠢᠯᠴᠠᠭᠤᠯᠪᠠ᠃     ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠰᠠᠭᠤᠷᠢᠯᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠡᠨᠡᠬᠦ ᠤᠯᠠᠨ ᠲᠦᠮᠡᠨ ᠲᠠᠢ ᠬᠤᠯᠪᠣᠭᠳᠠᠬᠤ ︽ᠵᠠᠩᠭᠢᠯᠠᠭ᠎ᠠ ᠶᠢᠨ ᠪᠠᠭ᠎ᠠ ᠶᠠᠪᠤᠳᠠᠯ︾᠎ ᠠᠴᠠ ᠭᠠᠷᠳᠠᠵᠤ᠂ ᠲᠤᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠤᠯᠪᠤᠭᠠᠯᠠᠨ᠂ ᠬᠤᠭ ᠨᠣᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ ᠰᠢᠰᠲ᠋ᠧᠮ ᠪᠣᠯᠣᠨ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠬᠤ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠵᠦ ᠵᠥᠪᠳᠡᠯᠴᠡᠨ᠂ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠴᠢᠩᠭᠠᠳᠬᠠᠬᠤ᠂ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ ᠪᠣᠳᠠᠲᠠᠢ ᠶᠢ ᠡᠷᠬᠢᠮᠯᠡᠭᠰᠡᠨ 16 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃ ᠭᠡᠰᠢᠭᠦᠳ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠬᠠᠭᠤᠴᠢᠨ ᠪᠠ ᠬᠠᠭᠤᠴᠢᠨ ᠲᠣᠭᠤᠷᠢᠭ ᠤᠨ ᠲᠥᠬᠦᠭᠡᠷᠦᠮᠵᠢ ᠶᠢ ᠥᠭᠡᠷᠡᠴᠢᠯᠡᠬᠦ᠂ ᠨᠢᠭᠡ ᠴᠣᠭᠴᠠᠵᠢᠭᠤᠯᠤᠭᠰᠠᠨ ᠡᠮᠴᠢᠯᠡᠭᠡ ᠪᠠ ᠰᠡᠷᠭᠡᠶᠢᠯᠡᠯᠲᠡ ᠶᠢ ᠤᠶᠠᠯᠳᠤᠭᠤᠯᠬᠤ᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ᠂ ᠠᠷᠠᠳ ᠠᠴᠠ ᠡᠷᠬᠢᠯᠡᠭᠰᠡᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠰᠠᠨᠠᠯ ᠰᠠᠨᠠᠭᠤᠯᠭ᠎ᠠ ᠳᠤᠷᠠᠳᠴᠤ᠂ ᠡᠯ᠎ᠡ ᠵᠦᠢᠯ ᠤᠨ ᠠᠵᠢᠯ ᠤᠨ ᠳᠡᠭᠡᠭᠰᠢᠯᠡᠯᠲᠡ ᠲᠠᠢ ᠪᠣᠯᠬᠤ ᠶᠢ ᠠᠬᠢᠭᠤᠯᠪᠠ︔ᠰᠠᠨᠠᠯ ᠳᠤᠷᠠᠳᠤᠯᠭ᠎ᠠ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠬᠤᠶᠠᠷ ᠶᠡᠭᠡ ᠠᠴᠢᠶᠠᠯᠠᠪᠤᠷᠢ ᠶᠢ ᠰᠠᠶᠢᠲᠤᠷ ᠠᠰᠢᠭᠯᠠᠵᠤ᠂ ᠴᠡᠴᠡᠭ ᠰᠢᠪᠠᠭᠤᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠴᠡᠴᠡᠷᠯᠢᠭ ᠤᠨ ᠮᠣᠳᠣᠨ ᠳᠡᠭᠲᠡᠷ ᠤᠨ ᠣᠶᠢᠯᠭᠠᠭᠴᠢ ᠵᠢᠷᠤᠭᠠᠰᠤ ᠶᠢ ᠪᠠᠶᠢᠷᠢᠯᠠᠭᠤᠯᠬᠤ ᠵᠡᠷᠭᠡ 20 ᠭᠠᠷᠤᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ ︽ᠵᠢᠵᠢᠭ ᠬᠡᠷᠴᠢᠮ︾᠎ ᠢᠶᠠᠷ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠬᠤ ᠶᠢ ᠪᠡᠶᠡᠯᠡᠭᠦᠯᠪᠡ᠃     ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠨᠢ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ︽ᠠᠷᠠᠳ ᠤᠨ ᠲᠥᠯᠥᠭᠡ ᠵᠥᠪᠳᠡᠯᠴᠡᠬᠦ︾ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠨᠠᠮ ᠤᠨ ᠬᠤᠷᠢᠶ᠎ᠠ ᠳᠤ ᠳᠡᠪᠰᠢᠭᠦᠯᠦᠨ ︽ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠵᠥᠪᠳᠡᠯᠴᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾᠎ ᠢ ᠨᠡᠶᠢᠲᠡᠯᠡᠵᠦ᠂ ᠪᠥᠬᠦ ᠲᠤᠭᠤᠷᠢᠭ ᠤᠨ 1 ᠪᠠᠯᠭᠠᠰᠤ᠂ 6 ᠵᠡᠭᠡᠯᠢ ᠭᠤᠳᠤᠮᠵᠢ ᠳᠤ ᠴᠥᠮ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠦᠨᠳᠦᠰᠦᠨ ᠱᠠᠲᠤᠨ ᠤ ᠬᠡᠷᠡᠭ ᠵᠥᠪᠯᠡᠬᠦ ᠬᠤᠷᠠᠯ ᠤᠨ ᠠᠵᠢᠯ ᠤᠨ ᠲᠣᠭᠲᠠᠴᠠ ᠶᠢ ᠪᠠᠶᠢᠭᠤᠯᠵᠤ᠂ 42 ᠲᠣᠰᠬᠤᠨ ︵ᠨᠡᠶᠢᠭᠡᠮ ᠲᠣᠭᠤᠷᠢᠭ︶᠎ ᠳᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠦᠨᠳᠦᠰᠦᠨ ᠱᠠᠲᠤᠨ ᠤ ᠠᠵᠢᠯ ᠤᠨ ᠲᠠᠰᠤᠭ ᠢ ᠫᠠᠶᠢᠰᠠ ᠡᠯᠭᠦᠨ ᠪᠠᠶᠢᠭᠤᠯᠵᠤ᠂ ᠪᠦᠬᠦᠨ ᠢ ᠬᠠᠮᠤᠷᠬᠤ ᠬᠠᠷᠠᠯᠲᠠ ᠶᠢᠨ ᠡᠭᠦᠷᠭᠡ ᠶᠢ 1 ᠵᠢᠯ ᠤᠷᠢᠳᠴᠢᠯᠠᠨ ᠪᠡᠶᠡᠯᠡᠭᠦᠯᠦᠨ᠎ᠡ︔228 ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠪᠠᠶᠢᠭ᠎ᠠ ᠨᠡᠶᠢᠭᠡᠮ ᠲᠣᠭᠤᠷᠢᠭ ᠲᠤ ᠬᠤᠪᠢᠶᠠᠷᠢᠯᠠᠨ ᠣᠴᠢᠭᠤᠯᠵᠤ᠂ ᠯᠢᠨ ᠶᠢᠨ ᠵᠡᠭᠡᠯᠢ ᠭᠤᠳᠤᠮᠵᠢ᠂ ᠹᠧᠩ ᠬᠤᠸᠠᠩ ᠯᠢᠩ ᠵᠡᠭᠡᠯᠢ ᠭᠤᠳᠤᠮᠵᠢ ᠳᠤ ᠯᠢᠨ ᠵᠢᠶᠠ ᠶᠤᠸᠠᠨ ᠳᠤ ᠰᠦᠯᠵᠢᠶᠡᠨ ᠤ ᠠᠵᠢᠯᠲᠠᠨ ᠨᠡᠮᠡᠨ ᠪᠠᠶᠢᠭᠤᠯᠵᠤ᠂ ᠬᠠᠢ ᠰᠢᠨ ᠵᠢᠶᠠ ᠶᠤᠸᠠᠨ ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠠᠪᠤᠳᠠᠯ ᠤᠨ ᠲᠤᠬᠠᠢ ᠤᠷᠢᠳ ᠢᠶᠠᠷ ᠵᠥᠪᠳᠡᠯᠴᠡᠨ ᠵᠥᠪᠯᠡᠵᠦ᠂ ᠭᠡᠰᠢᠭᠦᠳ ᠤᠨ ᠤᠯᠠᠨ ᠲᠦᠮᠡᠨ ᠲᠠᠢ ᠬᠠᠷᠢᠯᠴᠠᠬᠤ ᠶᠠᠪᠤᠳᠠᠯ ᠨᠡᠩ ᠨᠢᠭᠲᠠ ᠪᠣᠯᠵᠤ᠂ ᠤᠯᠤᠰ ᠲᠦᠷᠦ ᠶᠢᠨ ᠵᠥᠪᠯᠡᠯᠭᠡᠨ ᠤ ᠳᠦᠷᠢᠮ ᠤᠨ ᠳᠠᠪᠠᠭᠤᠯᠢᠭ ᠢ ᠦᠨᠡᠨ ᠬᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠪᠠ᠃     ᠪᠦᠬᠦ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ ᠪᠣᠳᠠᠲᠤ ᠠᠵᠢᠯᠯᠠᠭ᠎ᠠ ᠪᠠᠷ ᠢᠶᠠᠨ ᠤᠯᠤᠰ ᠲᠦᠷᠦ ᠶᠢᠨ ᠵᠥᠪᠯᠡᠯᠭᠡᠨ ᠤ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠤᠨ᠎ᠡ     ᠬᠠᠶᠢᠷᠤᠪ ᠤᠨ ᠲᠣᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠤᠬᠠᠮᠰᠠᠷ ᠠᠴᠠ ᠪᠠᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠤᠨ ᠠᠷᠭ᠎ᠠ ᠰᠦᠪᠡᠭᠴᠢᠯᠡᠨ ᠠᠬᠢᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠦᠭᠡ ᠬᠡᠯᠡᠬᠦ ᠡᠷᠬᠡ ᠪᠣᠯᠣᠨ ᠭᠡᠰᠢᠭᠦᠨ ᠤ ᠲᠤᠰᠬᠠᠢ ᠮᠡᠷᠭᠡᠵᠢᠯ ᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠷ ᠪᠦᠬᠦ ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠶᠢᠨ ᠲᠣᠭᠲᠠᠭᠤᠨ ᠢ ᠠᠬᠢᠭᠤᠯᠵᠠᠢ᠃      ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠢᠮᠠᠭᠲᠠ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠠᠪᠤᠳᠠᠯ ᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠭᠤᠣᠯᠳᠠᠯᠭ᠎ᠠ ᠪᠣᠯᠭᠠᠵᠤ᠂ ︽ᠬᠠᠲᠤᠨ ᠭᠤᠣᠯ ᠤᠨ ᠰᠠᠪᠠ ᠭᠠᠵᠠᠷ ᠤᠨ ᠬᠠᠶᠢᠷᠤᠪ ᠤᠨ  ᠲᠤᠬᠤᠢ ᠶᠢᠨ ᠬᠡᠰᠡᠭ ᠤᠨ ᠠᠮᠢ ᠠᠬᠤᠢ ᠶᠢᠨ ᠬᠠᠮᠠᠭᠠᠯᠠᠯᠲᠠ︾ ︽ᠤᠯᠠᠮᠵᠢᠯᠠᠯᠲᠤ ᠠᠵᠤ ᠦᠢᠯᠡᠰ ᠤᠨ ᠤᠰᠤ ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠬᠤ︾ ︽ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠤᠰᠤ ᠠᠷᠪᠢᠯᠠᠬᠤ ᠠᠵᠢᠯ ᠢ ᠲᠦᠷᠭᠡᠳᠬᠡᠬᠦ︾ ᠵᠡᠷᠭᠡ ᠭᠤᠣᠯᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ 13 ᠬᠤᠪᠢ ᠬᠠᠮᠢᠶ᠎ᠠ ᠪᠦᠬᠦᠢ ᠰᠠᠨᠠᠯ ᠳᠤᠷᠠᠳᠤᠯᠭ᠎ᠠ ᠳᠤᠷᠠᠳᠪᠠ᠃ ︽ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠬᠤ︾᠎ ᠶᠢ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠳᠤ ᠣᠷᠣᠭᠤᠯᠵᠤ᠂ ᠳᠡᠳ᠋ ᠲᠡᠷᠢᠭᠦᠯᠡᠭᠴᠢ ᠪᠠᠷ ᠳᠠᠭᠠᠭᠤᠯᠤᠨ ᠰᠢᠮᠳᠠᠭᠤᠯᠤᠨ ᠰᠢᠢᠳᠪᠦᠷᠢᠯᠡᠭᠦᠯᠵᠦ᠂ ᠠᠭᠤᠷᠬᠠᠢ ᠶᠢᠨ ᠣᠷᠣᠨ ᠤ ᠮᠧᠬᠠᠨᠢᠭ ᠢᠶᠠᠷ ᠠᠵᠢᠯᠯᠠᠬᠤ ᠶᠢᠨ ᠲᠣᠭᠤᠰᠣ ᠶᠢ ᠪᠠᠭᠤᠷᠠᠭᠤᠯᠬᠤ ᠶᠢ ᠴᠢᠩᠭᠠᠳᠬᠠᠨ᠂ ᠭᠠᠵᠠᠷ ᠤᠨ ᠬᠡᠰᠡᠭ ᠢ ᠦᠨᠳᠦᠰᠦᠯᠡᠨ ᠨᠣᠭᠤᠭᠠᠷᠠᠭᠤᠯᠤᠯᠲᠠ ᠶᠢᠨ ᠮᠣᠳᠣᠨ ᠤ ᠲᠥᠷᠥᠯ ᠢ ᠰᠣᠩᠭᠤᠬᠤ ᠵᠡᠷᠭᠡ 15 ᠵᠤᠷᠪᠤᠰ ᠰᠠᠨᠠᠭᠤᠯᠭ᠎ᠠ ᠶᠢᠨ ᠰᠠᠨᠠᠯ ᠢ ᠭᠥᠯᠢᠶᠡᠨ ᠠᠪᠴᠤ ᠨᠠᠶᠢᠳᠠᠪᠤᠷᠢᠵᠢᠭᠤᠯᠤᠨ᠂ ᠮᠠᠨ ᠤ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠥᠩᠭᠡ ᠵᠢᠰᠦ ᠶᠢ ᠳᠡᠭᠡᠭᠰᠢᠯᠡᠭᠦᠯᠬᠦ ᠳᠤ ᠣᠶᠤᠨ ᠤᠬᠠᠭᠠᠨ ᠢᠶᠠᠨ ᠡᠷᠭᠦᠪᠡ︔ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠤᠯᠤᠰ ᠲᠦᠷᠦ ᠶᠢᠨ ᠵᠥᠪᠯᠡᠯᠭᠡᠨ ᠤ ᠪᠠᠭ ᠤᠨ ᠪᠦᠷᠢᠯᠳᠦᠭᠦᠨ ᠠᠵᠤ ᠠᠬᠤᠶᠢᠯᠠᠯ ᠳᠤ ᠭᠦᠨᠵᠡᠭᠡᠶᠢᠷᠡᠨ 20 ᠭᠠᠷᠤᠢ ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠡᠭᠦᠷᠭᠡ ᠴᠢᠳᠠᠪᠬᠢᠲᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠵᠤ ᠠᠬᠤᠶᠢᠯᠠᠯ ᠢ ᠴᠡᠭᠴᠡᠯᠡᠨ ᠰᠠᠶᠢᠵᠢᠷᠠᠭᠤᠯᠬᠤ ᠳᠤ ᠣᠷᠣᠰᠢᠵᠤ ᠪᠠᠶᠢᠭ᠎ᠠ 50 ᠭᠠᠷᠤᠢ ᠠᠰᠠᠭᠤᠳᠠᠯ ᠢ ᠱᠠᠯᠠᠪᠳᠠᠭᠤᠯᠤᠨ ᠪᠠᠶᠢᠴᠠᠭᠠᠵᠤ᠂ ᠪᠣᠳᠠᠲᠠᠢ ᠠᠵᠢᠯᠯᠠᠭ᠎ᠠ ᠪᠠᠷ ᠢᠶᠠᠨ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠳᠤ ᠬᠦᠴᠦᠨ ᠨᠡᠮᠡᠷᠢᠯᠡᠵᠡᠢ᠃    ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠭᠡᠰᠢᠭᠦᠳ ᠤᠨ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠢ ᠣᠶᠢᠯᠠᠭᠠᠬᠤ ᠠᠷᠭ᠎ᠠ ᠵᠠᠮ ᠢ ᠭᠡᠰᠢᠭᠦᠳ ᠤᠨ ︽ᠰᠠᠨᠠᠯ ᠳᠤᠷᠠᠳᠬᠤ︾ ᠲᠥᠷᠥ ᠶᠢᠨ ᠶᠠᠪᠤᠳᠠᠯ ᠢ ᠵᠥᠪᠯᠡᠬᠦ ᠲᠠᠪᠴᠠᠩ ᠢ ᠢᠳᠡᠪᠬᠢᠲᠡᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠪᠣᠯᠣᠨ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠦᠯᠦᠯᠲᠡ ᠶᠢ ᠪᠦᠬᠦ ᠭᠡᠰᠢᠭᠦᠳ ᠲᠤ ᠳᠠᠷᠤᠮᠠᠯᠯᠠᠨ ᠲᠠᠷᠬᠠᠭᠠᠵᠤ ᠰᠤᠷᠤᠯᠴᠠᠭᠤᠯᠵᠤ᠂ ᠪᠠᠶᠢᠩᠭᠤ ᠶᠢᠨ ᠭᠡᠰᠢᠭᠦᠳ ᠢ ᠵᠣᠬᠢᠶᠠᠨ ᠪᠠᠶᠢᠭᠤᠯᠤᠨ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ᠂ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠵᠡᠷᠭᠡ ᠠᠵᠢᠯ ᠤᠨ ᠪᠠᠶᠢᠳᠠᠯ ᠢ 3 ᠤᠳᠠᠭ᠎ᠠ ᠰᠣᠨᠣᠰᠴᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠤᠷᠢᠵᠤ ᠪᠠᠶᠢᠴᠠᠭᠠᠨ ᠰᠤᠳᠤᠯᠤᠯᠲᠠ ᠪᠠ ᠵᠥᠪᠯᠡᠯᠭᠡᠨ ᠤ ᠬᠤᠷᠠᠯ ᠳᠡᠭᠡᠷ᠎ᠡ ᠬᠤᠯᠪᠣᠭᠳᠠᠯ ᠪᠦᠬᠦᠢ ᠪᠠᠶᠢᠳᠠᠯ ᠢ 6 ᠤᠳᠠᠭ᠎ᠠ ᠮᠡᠳᠡᠭᠦᠯᠵᠦ᠂ ᠨᠡᠶᠢᠳᠡ 15 ᠭᠡᠰᠢᠭᠦᠨ ᠢ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ᠂ ᠰᠢᠭᠦᠬᠦ ᠬᠤᠷᠢᠶᠠᠨ ᠤ ᠬᠤᠯᠪᠣᠭᠳᠠᠯ ᠪᠦᠬᠦᠢ ᠬᠤᠷᠠᠯ ᠳᠤ ᠣᠷᠣᠯᠴᠠᠭᠤᠯᠬᠤ ᠶᠢᠨ ᠬᠠᠮᠲᠤ ᠰᠠᠨᠠᠯ ᠢᠶᠠᠨ ᠢᠯᠡᠳᠬᠡᠵᠡᠢ︔ᠠᠵᠢᠯ ᠤᠨ ᠪᠠᠶᠢᠷᠢ ᠳᠤ ᠭᠠᠪᠢᠶ᠎ᠠ ᠪᠠᠶᠢᠭᠤᠯᠬᠤ ᠶᠢᠨ ᠬᠠᠮᠲᠤ᠂ ᠭᠡᠰᠢᠭᠦᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠬᠦᠴᠦᠨ ᠨᠡᠮᠡᠷᠢᠯᠡᠬᠦ ᠪᠠᠨ ᠦᠯᠦ ᠮᠠᠷᠲᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠪᠣᠯᠣᠨ ᠰᠠᠨᠠᠯ ᠰᠠᠨᠠᠭᠤᠯᠭ᠎ᠠ ᠶᠢ ᠨᠡᠶᠢᠳᠡ 10 ᠭᠠᠷᠤᠢ ᠵᠤᠷᠪᠤᠰ ᠲᠤᠰᠬᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠪᠠ᠃ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠤᠳᠠᠭᠠᠨ ᠤ ᠶᠡᠭᠡ ᠰᠢᠯᠭᠠᠯᠲᠠ ᠶᠢᠨ ᠡᠮᠦᠨ᠎ᠡ᠂ ᠭᠡᠰᠢᠭᠦᠳ ᠤᠨ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠭᠡᠰᠢᠭᠦᠳ ᠤᠨ︽ᠣᠨᠴᠠᠭᠠᠢ ᠳᠠᠰᠬᠠᠯ︾᠎ ᠢ ᠪᠢᠴᠢᠭᠯᠡᠭᠰᠡᠨ ᠪᠠᠶᠢᠨ᠎ᠠ᠃     ᠪᠦᠯᠬᠦᠮᠳᠡᠯ ᠠᠷᠠᠳᠴᠢᠯᠠᠯ ᠢ ᠪᠠᠷᠢᠮᠲᠠᠯᠠᠵᠤ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ  ᠨᠢᠭᠲᠠᠷᠠᠭᠤᠯᠪᠠ     ᠬᠠᠶᠢᠷᠤᠪ ᠤᠨ ᠲᠣᠬᠤᠢ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠴᠢᠬᠤᠯᠠ ᠡᠭᠦᠷᠭᠡ ᠴᠢᠳᠠᠪᠬᠢ ᠪᠠᠨ ᠦᠨᠡᠨᠬᠦ ᠪᠠᠳᠠᠷᠠᠭᠤᠯᠵᠤ᠂ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ᠂ ᠣᠳᠣᠬᠢᠴᠢᠯᠠᠭᠰᠠᠨ ᠬᠠᠶᠢᠷᠤᠪ ᠤᠨ ᠲᠣᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠤᠶᠤᠨ ᠤᠬᠠᠭᠠᠨ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠪᠠ᠃     ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠥᠰ ᠤᠨ ᠦᠢᠯᠡᠳᠦᠯ ᠢᠶᠠᠨ ᠪᠠᠳᠠᠷᠠᠭᠤᠯᠬᠤ ᠶᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠵᠦ᠂ ᠲᠣᠭᠤᠷᠢᠭ ᠤᠨ ᠱᠠᠲᠤᠨ ᠤ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠠᠷᠢᠭᠤᠴᠠᠯᠭᠠᠲᠠᠨ ᠢ ᠪᠦᠬᠦᠨ ᠢ ᠪᠠᠶᠢᠩᠭᠤ ᠶᠢᠨ ᠭᠡᠰᠢᠭᠦᠨ ᠢᠶᠠᠷ ᠰᠣᠩᠭᠤᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠥᠰ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ᠂ ᠪᠠᠶᠢᠴᠠᠭᠠᠨ ᠰᠤᠳᠤᠯᠬᠤ᠂ ᠶᠠᠷᠢᠯᠴᠠᠬᠤ ᠬᠤᠷᠠᠯ ᠬᠢᠬᠦ᠂ ᠪᠠᠶᠢᠴᠠᠭᠠᠨ ᠦᠵᠡᠬᠦ ᠵᠡᠷᠭᠡ ᠠᠵᠢᠯᠯᠠᠭ᠎ᠠ ᠳᠤ ᠣᠷᠤᠯᠴᠠᠬᠤ ᠶᠢ ᠲᠡᠮᠵᠢᠨ ᠪᠠᠲᠤᠯᠠᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠵᠠᠰᠠᠭ ᠤᠨ ᠶᠠᠪᠤᠳᠠᠯ ᠢ ᠵᠥᠪᠯᠡᠵᠦ᠂ ᠬᠠᠮᠲᠤ ᠶᠢᠨ ᠰᠠᠨᠠᠯ ᠵᠥᠪᠯᠡᠯᠭᠡ 8 ᠬᠤᠪᠢ᠂ ᠬᠤᠪᠢ ᠬᠥᠮᠥᠨ ᠤ ᠰᠠᠨᠠᠯ ᠵᠥᠪᠯᠡᠯᠭᠡ 31 ᠬᠤᠪᠢ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢ 43 ᠬᠤᠪᠢ ᠳᠤᠷᠠᠳᠴᠤ᠂ ᠨᠠᠮ ᠤᠨ ᠭᠠᠳᠠᠨᠠᠬᠢ ᠬᠥᠮᠥᠰ ᠤᠨ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠭᠡᠰᠢᠭᠦᠳ ᠲᠠᠢ ᠬᠠᠷᠢᠯᠴᠠᠬᠤ ᠨᠥᠬᠦᠷᠯᠡᠯ ᠤᠨ ᠲᠠᠪᠴᠠᠩ ᠢ ᠢᠳᠡᠪᠬᠢᠲᠡᠢ ᠪᠠᠶᠢᠭᠤᠯᠵᠤ᠂ ᠭᠡᠰᠢᠭᠦᠳ ᠢ ᠵᠣᠬᠢᠶᠠᠨ ᠪᠠᠶᠢᠭᠤᠯᠤᠨ ᠪᠠᠶᠢᠴᠠᠭᠠᠨ ᠦᠵᠡᠬᠦ᠂ ᠪᠠᠶᠢᠴᠠᠭᠠᠨ ᠰᠤᠳᠤᠯᠤᠯᠲᠠ ᠬᠢᠬᠦ ᠪᠠ ᠭᠠᠳᠠᠭᠠᠳᠤ ᠳᠤ ᠣᠴᠢᠵᠤ ᠪᠣᠯᠪᠠᠰᠤᠷᠠᠯ ᠬᠦᠷᠲᠡᠭᠡᠵᠦ᠂ ᠡᠯ᠎ᠡ ᠤᠳᠠᠭ᠎ᠠ ᠶᠢᠨ ᠬᠤᠷᠠᠯ᠂ ᠵᠥᠪᠳᠡᠯᠴᠡᠨ ᠶᠠᠷᠢᠯᠴᠠᠬᠤ ᠬᠤᠷᠠᠯ ᠢ ᠭᠦᠢᠴᠡᠳ ᠠᠰᠢᠭᠯᠠᠨ ᠰᠤᠷᠪᠤᠯᠵᠢᠯᠠᠨ ᠰᠣᠯᠢᠯᠴᠠᠵᠤ᠂ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ᠂ ᠪᠠᠶᠢᠩᠭᠤ ᠶᠢᠨ ᠭᠡᠰᠢᠭᠦᠨ᠂ ᠭᠡᠰᠢᠭᠦᠳ ᠤᠨ ᠬᠤᠭᠤᠷᠣᠨᠳᠣᠬᠢ ᠨᠡᠪᠲᠡᠷᠡᠯᠴᠡᠭᠡ ᠬᠠᠷᠢᠯᠴᠠᠭ᠎ᠠ ᠶᠢ ᠦᠨᠡᠨᠬᠦ ᠴᠢᠩᠭᠠᠳᠬᠠᠵᠤ᠂ ᠭᠡᠰᠢᠭᠦᠳ ᠤᠨ ᠬᠠᠶᠢᠷ᠎ᠠ ᠰᠡᠳᠬᠢᠯᠭᠡ ᠪᠠ ᠬᠠᠮᠲᠤ ᠶᠢᠨ ᠲᠠᠨᠢᠯᠲᠠ ᠶᠢ ᠨᠡᠮᠡᠭᠳᠡᠭᠦᠯᠪᠡ︔ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠴᠥᠭᠡᠨ ᠲᠣᠭᠠᠲᠤ ᠦᠨᠳᠦᠰᠦᠲᠡᠨ ᠤ ᠭᠡᠰᠢᠭᠦᠳ ᠲᠠᠢ ᠰᠤᠷᠪᠤᠯᠵᠢᠯᠠᠨ ᠬᠠᠷᠢᠯᠴᠠᠬᠤ ᠪᠠ ᠡᠳᠦᠷ ᠲᠤᠳᠤᠮ ᠤᠨ ᠰᠣᠯᠢᠯᠴᠠᠭ᠎ᠠ ᠪᠠᠨ ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠭᠡᠰᠢᠭᠦᠳ ᠤᠨ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠳᠤ ᠨᠡᠩ ᠤᠯᠠᠨ ᠠᠵᠠ ᠲᠣᠬᠢᠶᠠᠯ ᠪᠠ ᠲᠠᠪᠴᠠᠩ ᠬᠠᠩᠭᠠᠭᠰᠠᠨ ᠪᠠᠶᠢᠨ᠎ᠠ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号