ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠬᠠᠶᠢᠷᠤᠪ ᠤᠨ ᠲᠤᠬᠤᠢ ᠮᠢᠩᠭᠠᠨ ᠵᠢᠯᠣᠭᠤᠴᠢ ᠦᠭᠡᠢ ᠨᠢᠰᠬᠡᠯ ᠤᠨ ᠳ᠋ᠧᠩ ᠤᠨ ᠭᠡᠷᠡᠯ ᠤᠨ ᠳᠤᠸᠠᠯᠠᠮ᠎ᠠ ᠲᠣᠭᠯᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2023/2/4
      ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠣᠯᠤᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠬᠠᠶᠢᠷᠤᠪ ᠤᠨ ᠲᠤᠬᠤᠢ ᠲᠣᠭᠤᠷᠢᠭ ᠤᠨ ᠥᠷᠭᠡᠨ ᠤᠯᠠᠨ ᠠᠷᠠᠳ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠠᠶᠠᠷ ᠬᠦᠷ ᠲᠠᠢ᠂ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ 2023 ᠣᠨ ᠤ 2 ᠰᠠᠷ᠎ᠠ ᠶᠢᠨ 5᠎ ᠤ ᠡᠳᠦᠷ ︵ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ︶ ᠥᠯᠵᠡᠶᠢᠲᠦ ᠡᠳᠦᠷ ᠤᠨ ᠪᠠᠶᠠᠷᠲᠤ ᠦᠳᠡᠰᠢᠯᠡᠭᠡ ᠶᠢ ᠡᠷᠬᠢᠯᠡᠬᠦ ᠪᠣᠯᠤᠨ᠎ᠠ᠃     2 ᠰᠠᠷ᠎ᠠ ᠶᠢᠨ 5᠎ ᠤ ᠡᠳᠦᠷ ︵ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ︶ 20᠄ 00 - 20᠄ 15᠂ 1000 ᠵᠢᠯᠣᠭᠤᠴᠢ ᠥᠬᠡᠶ ᠨᠢᠰᠬᠡᠯ ᠤᠨ ᠳ᠋ᠧᠩ ᠤᠨ ᠭᠡᠷᠡᠯ ᠤᠨ ᠳᠤᠸᠠᠯᠠᠮ᠎ᠠ ᠲᠣᠭᠯᠠᠯᠲᠠ ᠶᠢ ᠬᠠᠶᠢᠷᠤᠪ ᠤᠨ ᠲᠣᠬᠤᠶ ᠲᠣᠭᠤᠷᠢᠭ ᠤᠨ ᠦᠵᠡᠰᠬᠦᠯᠡᠩᠲᠦ ᠰᠠᠶᠢᠬᠠᠨ ᠦᠵᠡᠮᠵᠢ ᠳᠤ ᠠᠭᠤᠰᠬᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号