ᠬᠠᠶᠢᠷᠣᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠠᠵᠢᠯᠯᠠᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠰᠠᠶᠢᠳᠤᠷ ᠬᠢᠪᠡ
ᠨᠡᠶᠢᠲᠡᠯᠡᠭᠰᠡᠨ ᠴᠠᠭ᠄
2023/2/6
      ᠴᠠᠭᠠᠨ ᠰᠠᠷ᠎ᠠ ᠶᠢᠨ ᠪᠠᠶᠠᠷ ᠤᠨ ᠡᠳᠦᠷ ᠤᠨ ᠠᠭᠤᠷ ᠠᠮᠢᠰᠬᠤᠯ ᠬᠠᠷᠠᠬᠠᠨ ᠲᠠᠷᠬᠠᠵᠠᠶ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠤᠨ ᠡᠳᠦᠷ ᠪᠣᠯᠵᠤᠭ᠎ᠠ ᠶᠣᠰᠣᠭᠠᠷ ᠬᠦᠷᠴᠦ ᠢᠷᠡᠭᠡᠳ᠂ ᠬᠤᠲᠠ ᠶᠢᠨ ᠦᠵᠡᠮᠵᠢ ᠶᠢᠨ ᠰᠠᠶᠢᠨ ᠰᠠᠶᠢᠬᠠᠨ ᠣᠷᠴᠢᠨ ᠲᠣᠭᠤᠷᠢᠨ ᠤ ᠡᠮᠬᠢ ᠳᠢᠭᠯᠢᠮ ᠢ ᠪᠣᠶ ᠪᠣᠯᠭᠠᠵᠤ᠂ ᠬᠤᠲᠠ ᠶᠢᠨ ᠠᠷᠠᠳ ᠤᠨ ᠰᠢᠨ᠎ᠡ ᠰᠡᠪᠡᠭᠦᠨ ᠪᠠᠶᠠᠷ ᠬᠦᠷ ᠲᠠᠢ᠂ ᠠᠮᠤᠷ ᠲᠦᠪᠰᠢᠨ ᠥᠯᠵᠡᠶ ᠪᠡᠯᠭᠡ ᠲᠠᠢ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠠᠶᠢᠷᠣᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂ ᠬᠤᠶᠠᠷ ᠡᠳᠦᠷ ᠲᠤ ᠨᠡᠶᠢᠲᠡ ᠮᠢᠩᠭ᠎ᠠ ᠭᠠᠷᠤᠶ ᠬᠥᠮᠦᠨ ᠤᠳᠠᠭ᠎ᠠ ᠲᠠᠲᠠᠵᠤ᠂ ᠲᠣᠭᠲᠠᠮᠠᠯ ᠵᠢᠵᠢᠭᠦᠷᠯᠡᠨ ᠰᠠᠬᠢᠬᠤ ᠪᠠ ᠬᠥᠳᠡᠯᠦᠩᠭᠦᠶ ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠬᠡᠮᠵᠢᠶ᠎ᠡ ᠠᠪᠴᠤ᠂ ᠵᠤᠭᠠᠴᠠᠭᠰᠠᠳ ᠤᠨ ᠵᠠᠮ ᠡᠵᠡᠯᠡᠨ ᠡᠵᠡᠩᠨᠡᠬᠦ᠂ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ ᠵᠡᠷᠭᠡ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠢᠷᠤᠮᠵᠢᠭᠤᠯᠵᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠠᠵᠢᠯᠯᠠᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃

1675647826922037644.jpg

1675647814019016407.jpg

1675647845599056633.jpg

1675647862408072742.jpg

1675647881000000784.jpg

1675647896840068166.jpg

1675647912303013721.jpg

1675647928139000787.jpg

1675647943173073244.jpg

1675647957328029831.jpg

1675648048537074447.jpg

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号