ᠬᠠᠶᠢᠷᠤᠪ ᠤᠨ ᠲᠤᠬᠤᠢ ᠲᠣᠭᠤᠷᠢᠭ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠦᠨᠡᠯᠡᠨ ᠵᠢᠱᠢᠬᠦ ᠣᠨᠣᠰᠢᠯᠠᠯᠲᠠ ᠶᠢᠨ ᠠᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/6
      2023 ᠣᠨ ᠤ 2 ᠰᠠᠷ᠎ᠠ ᠶᠢᠨ 3᠎ ᠤ ᠡᠳᠦᠷ ᠤᠨ ᠦᠳᠡ ᠶᠢᠨ ᠡᠮᠦᠨᠡᠬᠢ 9 ᠴᠠᠭ ᠲᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠦᠨᠡᠯᠡᠨ ᠵᠢᠱᠢᠵᠦ ᠣᠨᠣᠰᠢᠯᠠᠬᠤ ᠠᠵᠢᠯ ᠢ ᠭᠦᠨᠵᠡᠭᠡᠶ ᠬᠡᠷᠡᠭᠵᠢᠭᠦᠯᠵᠦ᠂ ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠲᠣᠭᠠᠴᠢᠯᠠᠭᠰᠠᠨ ᠥᠭᠡᠷᠡᠴᠢᠯᠡᠯᠲᠡ ᠳᠡᠭᠡᠭᠰᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠵᠣᠬᠢᠶᠠᠨ ᠪᠠᠶᠢᠭᠤᠯᠵᠤ ᠥᠷᠨᠢᠭᠦᠯᠦᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠦᠨᠡᠯᠡᠨ ᠵᠢᠱᠢᠵᠦ ᠣᠨᠣᠰᠢᠯᠠᠬᠤ ᠠᠵᠢᠯ ᠤᠨ ᠡᠬᠢᠯᠡᠯᠲᠡ ᠶᠢᠨ ᠬᠤᠷᠠᠯ ᠬᠠᠶᠢᠷᠤᠪ ᠤᠨ ᠲᠣᠬᠤᠶ ᠲᠣᠭᠤᠷᠢᠭ ᠤᠨ ᠶᠣᠰᠣᠯᠠᠯ ᠤᠨ ᠲᠢᠩᠬᠢᠮ ᠳᠤ ᠶᠠᠪᠤᠭᠳᠠᠪᠠ᠃ ᠲᠤᠰ‌ᠤᠳᠠᠭ᠎ᠠ ᠶᠢᠨ ᠬᠤᠷᠠᠯ ᠤᠨ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠠᠴᠠ ᠲᠤᠰ ᠤᠳᠠᠭ᠎ᠠ ᠶᠢᠨ ᠦᠬᠠᠢ ᠬᠤᠳᠠ ᠶᠢᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠤᠪᠴᠢᠶ᠎ᠡ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠬᠢᠨᠠᠨ ᠲᠣᠭᠲᠠᠭᠠᠬᠤ ᠠᠵᠢᠯ ᠤᠨ ᠳᠠᠭᠠᠭᠠᠴᠢᠯᠠᠯᠲᠠ ᠣᠯᠤᠭᠰᠠᠨ ᠦᠢᠯᠡᠴᠢᠯᠡᠭᠡ ᠱᠠᠩ ᠯᠠᠩ ᠺᠦᠨ ᠤᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠯᠧᠺᠲ᠋ᠣᠷ ᠯᠠᠢ ᠰᠢᠶᠤᠤ ᠯᠦᠩ ᠠᠴᠠ ᠪᠦᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠲᠥᠪᠯᠡᠷᠡᠭᠦᠯᠦᠨ ᠪᠣᠯᠪᠠᠰᠤᠷᠠᠯ ᠬᠦᠷᠲᠡᠭᠡᠵᠦ᠂ ᠨᠡᠶᠢᠳᠡ 63 ᠲᠣᠭᠲᠠᠭᠠᠯ ᠳᠡᠭᠡᠷᠡᠬᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠨ ᠮᠡᠳᠡᠭᠡ ᠵᠠᠩᠭᠢᠵᠢᠯᠲᠠ ᠶᠢᠨ ᠠᠵᠢᠯᠳᠠᠨ ᠢ 110 ᠭᠠᠷᠤᠢ ᠵᠣᠬᠢᠶᠠᠨ ᠪᠠᠶᠢᠭᠤᠯᠵᠤ᠂ ᠲᠣᠭᠠᠴᠢᠯᠠᠭᠰᠠᠨ ᠣᠨᠣᠰᠢᠯᠠᠯᠲᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ 110 ᠭᠠᠷᠤᠢ ᠬᠤᠪᠢ ᠳᠠᠷᠤᠮᠠᠯᠯᠠᠨ ᠲᠠᠷᠬᠠᠭᠠᠪᠠ᠃ ᠠᠵᠤ ᠠᠬᠤᠶᠢᠯᠠᠯ ᠢ ᠬᠦᠴᠦᠯᠡᠨ ᠬᠠᠪᠰᠤᠷᠴᠤ ᠪᠠᠶᠢᠭᠠᠳ ︽ᠠᠵᠤ ᠦᠢᠯᠡᠳᠪᠦᠷᠢᠵᠢᠯᠲᠡ ᠠᠭᠤᠰᠤᠯᠴᠠᠯ︾᠎ ᠤᠨ ᠲᠣᠭᠠᠴᠢᠯᠠᠭᠰᠠᠨ ᠦᠨᠡᠯᠡᠨ ᠵᠢᠱᠢᠬᠦ ᠣᠨᠣᠰᠢᠯᠠᠯᠲᠠ ᠶᠢ ᠥᠷᠨᠢᠭᠦᠯᠬᠦ ᠠᠵᠢᠯ ᠤᠨ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠰ ᠠᠵᠤ ᠠᠬᠤᠶᠢᠯᠠᠯ ᠤᠨ ᠲᠣᠭᠠᠴᠢᠯᠠᠭᠰᠠᠨ ᠣᠳᠣᠬᠢ ᠪᠠᠶᠢᠳᠠᠯ ᠢ ᠭᠦᠢᠴᠡᠳ ᠣᠶᠢᠯᠠᠭᠠᠵᠤ᠂ ᠳᠠᠷᠠᠭᠠᠴᠢ ᠶᠢᠨ ᠠᠯᠬᠤᠮ ᠤᠨ ᠥᠭᠡᠷᠡᠴᠢᠯᠡᠯᠲᠡ ᠪᠠ ᠲᠡᠰ ᠳᠡᠪᠰᠢᠬᠦ ᠳᠤ ᠲᠦᠬᠦᠮ ᠦᠵᠡᠭᠦᠯᠦᠨ᠎ᠡ᠃ ᠡᠭᠦᠨ ᠠᠴᠠ ᠡᠮᠦᠨ᠎ᠡ᠂ 2023 ᠣᠨ ᠤ 2 ᠰᠠᠷ᠎ᠠ ᠶᠢᠨ 1᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶᠠᠨ ᠤ ᠳᠡᠳ᠋ ᠳᠠᠷᠤᠭ᠎ᠠ ᠦ᠋ ᠬᠠᠢ ᠴᠦᠨ ᠯᠠᠩ ᠺᠦᠨ ᠤᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠵᠠᠩ ᠺᠠᠢ ᠴᠢᠶᠠᠩ ᠶᠡᠷᠦᠩᠬᠡᠢ ᠳᠠᠭᠠᠭᠠᠮᠠᠯ ᠵᠡᠷᠭᠡ ᠲᠠᠢ ᠬᠤᠯᠪᠤᠭᠠᠯᠠᠨ ᠵᠢᠶᠠᠨ ᠯᠦᠩ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠸᠠᠨ ᠲᠧᠩ ᠪᠦᠯᠦᠭᠯᠡᠯ ᠲᠠᠢ ᠨᠢᠭᠤᠷᠳᠠᠨ ᠶᠠᠷᠢᠯᠴᠠᠬᠤ ᠡᠮᠦᠨᠡᠬᠢ ᠬᠤᠭᠤᠴᠠᠭᠠᠨ ᠤ ᠲᠠᠶᠢᠴᠢᠯᠠᠯᠳᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠲᠣᠭᠠᠴᠢᠯᠠᠭᠰᠠᠨ ᠦᠨᠡᠯᠡᠨ ᠵᠢᠱᠢᠯᠲᠡ ᠶᠢᠨ ᠣᠨᠣᠰᠢᠯᠠᠯᠲᠠ ᠬᠢᠬᠦ ᠶᠢᠨ ᠴᠢᠬᠤᠯᠠ ᠴᠢᠨᠠᠷ ᠢ ᠲᠠᠨᠢᠭᠤᠯᠵᠤ᠂ ᠠᠵᠤ ᠠᠬᠤᠶᠢᠯᠠᠯ ᠢ ᠵᠢᠯᠣᠭᠤᠳᠬᠤ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ ᠬᠢᠵᠦ᠂ ᠭᠤᠷᠪᠠᠳᠠᠬᠢ ᠡᠲᠡᠭᠡᠳ ᠤᠨ ᠲᠤᠰᠬᠠᠢ ᠮᠡᠷᠭᠡᠵᠢᠯ ᠤᠨ ᠦᠨᠡᠯᠡᠨ ᠵᠢᠱᠢᠬᠦ ᠪᠠᠶᠢᠭᠤᠯᠤᠮᠵᠢ ᠪᠣᠯᠤᠨ ᠠᠵᠤ ᠠᠬᠤᠶᠢᠯᠠᠯ ᠢ ᠵᠣᠯᠭᠠᠭᠤᠯᠬᠤ ᠶᠢ ᠪᠡᠶᠡᠯᠡᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠯᠠᠩ ᠺᠦᠨ ᠤᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠬᠠᠪᠰᠤᠷᠴᠤ᠂ ᠪᠦᠬᠦ ᠲᠤᠭᠤᠷᠢᠭ ᠤᠨ 63 ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠨᠢᠭᠡᠳ ᠨᠢᠭᠡ ᠪᠠᠷ ᠰᠦᠯᠵᠢᠶᠡᠨ ᠭᠠᠳᠠᠨᠠᠬᠢ ᠲᠣᠭᠠᠴᠢᠯᠠᠭᠰᠠᠨ ᠦᠨᠡᠯᠡᠨ ᠵᠢᠱᠢᠯᠲᠡ ᠬᠢᠵᠦ ᠣᠨᠣᠰᠢᠯᠠᠵᠤ᠂ ᠬᠠᠮᠤᠭ ᠡᠴᠦᠰ ᠲᠤ ᠬᠠᠶᠢᠷᠤᠪ ᠤᠨ ᠲᠤᠬᠤᠢ ᠲᠣᠭᠤᠷᠢᠭ ᠤᠨ ᠪᠦᠬᠦᠯᠢ ᠴᠣᠭᠴᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠦᠨᠡᠯᠡᠨ ᠵᠢᠱᠢᠯᠲᠡ ᠶᠢᠨ ᠮᠡᠳᠡᠭᠦᠯᠦᠯᠲᠡ ᠶᠢ ᠪᠦᠷᠢᠯᠳᠦᠭᠦᠯᠦᠨ᠎ᠡ᠃    ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠦᠨᠡᠯᠡᠨ ᠵᠢᠱᠢᠬᠦ ᠣᠨᠣᠰᠢᠯᠠᠯᠲᠠ ᠶᠢᠨ ᠠᠵᠢᠯ ᠢ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠯᠲᠠ ᠶᠢ ᠨᠢᠭᠡᠳᠦᠯᠲᠡᠶ ᠲᠠᠨᠢᠵᠤ ᠮᠡᠳᠡᠬᠦ᠂ ᠪᠦᠲᠦᠭᠡᠨ ᠪᠠᠶᠢᠭᠤᠯᠤᠯᠲᠠ ᠶᠢᠨ ᠴᠢᠭᠯᠡᠯ ᠢ ᠲᠣᠳᠣᠷᠬᠠᠶᠢᠯᠠᠬᠤ᠂ ᠲᠤᠬᠠᠶ ᠶᠢᠨ ᠴᠠᠭ ᠤᠨ ᠵᠠᠮ ᠱᠤᠭᠤᠮ ᠤᠨ ᠵᠢᠷᠤᠭ ᠢ ᠪᠠᠶᠢᠭᠤᠯᠬᠤ ᠵᠡᠷᠭᠡ ᠶᠢ ᠪᠦᠷᠢᠯᠳᠦᠭᠦᠯᠵᠦ᠂ 2025 ᠣᠨ ᠪᠣᠯᠬᠤ ᠳᠤ᠂ ᠠᠵᠤ ᠦᠢᠯᠡᠳᠪᠦᠷᠢ ᠶᠢᠨ ᠲᠣᠭᠠᠴᠢᠯᠠᠯᠲᠠ ᠶᠢᠨ ᠶᠡᠷᠦᠩᠬᠡᠶ ᠬᠢᠷᠢ ᠲᠦᠪᠰᠢᠨ ᠢ ᠪᠠᠷᠠᠭᠤᠨ ᠣᠷᠣᠨ ᠤ ᠲᠡᠷᠢᠭᠦᠨ ᠤ ᠲᠦᠪᠰᠢᠨ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号