ᠬᠠᠶᠢᠪᠸᠢ ᠵᠡᠭᠡᠯᠢ ᠭᠤᠳᠤᠮᠵᠢ ᠶᠢᠨ ᠪᠠᠶᠢᠭᠤᠯᠭ᠎ᠠ ᠶᠢᠨ ᠨᠠᠮ ᠤᠨ ᠭᠡᠰᠢᠭᠦᠨ ᠡᠷᠲᠡ ᠶᠢᠨ ᠤᠩᠰᠢᠯᠭ᠎ᠠ ᠶᠢᠨ ᠠᠵᠢᠯᠯᠠᠭ᠎ᠠ ᠶᠢᠨ ᠰᠢᠨ᠎ᠡ ᠬᠠᠭᠤᠳᠠᠰᠤ ᠶᠢ ᠰᠡᠬᠦᠪᠡ
ᠨᠡᠶᠢᠲᠡᠯᠡᠭᠰᠡᠨ ᠴᠠᠭ᠄
2023/2/6
      ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ 2022 ᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠪᠠ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ︽ᠰᠢᠷᠭᠠᠭᠤ ᠰᠤᠷᠤᠯᠴᠠᠬᠤ᠂ ᠤᠬ ᠰᠠᠨᠠᠭ᠎ᠠ ᠪᠠᠨ ᠴᠢᠩᠭᠠᠳᠬᠠᠬᠤ᠂ ᠡᠷᠴᠢ ᠵᠣᠷᠢᠭ ᠢᠶᠠᠨ ᠨᠡᠮᠡᠭᠳᠡᠭᠦᠯᠬᠦ᠂ ᠠᠷᠠᠳ ᠤᠨ ᠰᠡᠳᠬᠢᠯ ᠢ ᠰᠢᠢᠳᠪᠦᠷᠢᠯᠡᠬᠦ︾᠎ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠠᠶᠢᠪᠸᠢ ᠵᠡᠭᠡᠯᠢ ᠭᠤᠳᠤᠮᠵᠢ ᠥᠨᠥᠳᠦᠷ ᠠᠴᠠ ᠡᠬᠢᠯᠡᠨ᠂ ᠡᠳᠦᠷ ᠪᠦᠷᠢ ᠶᠢᠨ ᠥᠷᠯᠥᠭᠡ ᠶᠢᠨ ᠤᠩᠰᠢᠯᠭ᠎ᠠ ᠶᠢᠨ ᠠᠵᠢᠯᠯᠠᠭ᠎ᠠ ᠶᠢ ᠠᠰᠢᠭᠯᠠᠵᠤ᠂ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠪᠡ᠃ ᠠᠵᠢᠯᠯᠠᠭ᠎ᠠ ᠶᠢ ᠨᠢᠭᠤᠷᠳᠠᠨ ᠤᠩᠰᠢᠬᠤ ᠬᠡᠯᠪᠡᠷᠢ ᠪᠠᠷ ᠥᠷᠨᠢᠭᠦᠯᠵᠦ᠂ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠤᠷᠠᠶᠢᠯᠠᠨ ᠤᠩᠰᠢᠬᠤ ᠲᠠᠭᠤᠨ ᠤ ᠳᠤᠮᠳᠠ ᠳᠤᠮᠳᠠᠳᠤ ᠶᠢᠨ ᠦᠨᠳᠦᠰᠦᠲᠡᠨ ᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠵᠠᠮ ᠳᠡᠭᠡᠷᠡᠬᠢ ᠪᠠᠷᠢᠮᠲᠠᠯᠠᠯ ᠪᠠ ᠬᠠᠶᠢᠨ ᠰᠦᠪᠡᠭᠴᠢᠯᠡᠯᠲᠡ ᠶᠢ ᠨᠡᠩ ᠭᠦᠨᠵᠡᠭᠡᠢ ᠣᠶᠢᠯᠠᠭᠠᠭᠤᠯᠵᠤ᠂ ᠨᠠᠮ ᠪᠠ ᠠᠷᠠᠳ ᠲᠦᠮᠡᠨ ᠤ ᠲᠡᠮᠡᠴᠡᠯ ᠤᠨ ᠲᠡᠦᠬᠡ ᠶᠢ ᠦᠨᠡᠨᠬᠦ ᠨᠠᠨᠳᠢᠩᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

1675417344634088341.png

   

       ᠲᠣᠰ ᠤᠳᠠᠭᠠᠨ ᠤ ᠥᠷᠯᠥᠭᠡ ᠶᠢᠨ ᠤᠩᠰᠢᠯᠭ᠎ᠠ ᠶᠢᠨ ᠠᠵᠢᠯᠯᠠᠭ᠎ᠠ ᠶᠢ ᠵᠡᠭᠡᠯᠢ ᠭᠤᠳᠤᠮᠵᠢ ᠶᠢᠨ ᠨᠠᠮ ᠤᠨ

ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠵᠠᠩ ᠭᠤᠤ ᠸᠠᠩ ᠳᠠᠭᠠᠭᠤᠯᠤᠨ

ᠤᠩᠰᠢᠬᠤ ᠶᠢᠨ ᠬᠠᠮᠲᠤ ᠣᠯᠤᠯᠲᠠ ᠲᠥᠷᠥᠭᠳᠡᠯ ᠢᠶᠠᠨ ᠬᠤᠪᠢᠶᠠᠯᠴᠠᠪᠠ᠃ ᠤᠯᠠᠨ ᠢᠶᠠᠷ ᠢᠶᠠᠨ ᠭᠦᠨ ᠰᠡᠳᠬᠢᠯᠭᠡ ᠲᠠᠢ᠂

ᠢᠲᠡᠭᠡᠯ ᠵᠣᠷᠢᠭ ᠲᠠᠢ᠂ ᠡᠷᠡᠰ ᠪᠠᠲᠤ ᠪᠥᠭᠡᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢ ᠶᠢᠨ ᠫᠢᠩ ᠶᠡᠷᠦᠩᠬᠡᠢ

ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ

ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠮᠡᠳᠡᠭᠦᠯᠦᠯᠲᠡ ᠶᠢ ᠤᠶᠠᠩᠭᠠᠯᠠᠨ ᠤᠩᠰᠢᠪᠠ᠃

1675417344646008082.png

1675417344722036266.png

    ︽ᠥᠷᠯᠥᠭᠡ ᠶᠢᠨ ᠤᠩᠰᠢᠯᠭ᠎ᠠ︾᠎ ᠶᠢᠨ ᠲᠦᠷᠢᠮ ᠲᠠᠢ ᠤᠶᠠᠯᠳᠤᠭᠤᠯᠤᠨ ᠨᠠᠮ ᠤᠨ ᠬᠤᠷᠢᠳᠤᠭᠠᠷ ᠶᠡᠭᠡ

ᠬᠤᠷᠠᠯ ᠤᠨ ᠢᠯᠡᠳᠬᠡᠯ ᠤᠨ ᠤᠭ ᠵᠣᠬᠢᠶᠠᠯ ᠢ ᠤᠩᠰᠢᠬᠤ ᠠᠵᠢᠯᠯᠠᠭ᠎ᠠ ᠦᠷᠭᠦᠯᠵᠢᠯᠡᠨ ᠶᠠᠪᠤᠭᠳᠠᠨ᠎ᠠ᠂ ᠵᠠᠯᠭᠠᠭᠠᠳ

ᠬᠠᠶᠢᠪᠸᠢ ᠵᠡᠭᠡᠯᠢ ᠭᠤᠳᠤᠮᠵᠢ ᠪᠠᠰᠠ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠬᠦ ᠵᠡᠷᠭᠡ ᠤᠯᠠᠨ

ᠵᠦᠢᠯ ᠤᠨ ᠬᠡᠯᠪᠡᠷᠢ ᠪᠠᠷ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠢ ᠰᠤᠷᠤᠯᠴᠠᠨ ᠲᠤᠤᠱᠯᠠᠭᠤᠯᠵᠤ᠂ ᠰᠢᠨ᠎ᠡ

ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠨᠠᠮ ᠤᠨ ᠭᠡᠰᠢᠭᠦᠨ

ᠺᠠᠳ᠋ᠷᠴᠤᠳ ᠤᠨ ᠡᠷᠴᠢ ᠵᠣᠷᠢᠭ ᠢᠶᠠᠨ ᠬᠥᠪᠴᠢᠯᠡᠬᠦ᠂ ᠡᠷᠡᠯᠬᠡᠭᠯᠡᠨ ᠤᠷᠤᠭᠰᠢᠯᠠᠬᠤ ᠶᠢ ᠠᠬᠢᠭᠤᠯᠵᠤ᠂ ᠰᠢᠨ᠎ᠡ

ᠰᠢᠯᠭᠠᠯᠲᠠ ᠳᠤ ᠣᠷᠣᠯᠴᠠᠬᠤ ᠵᠠᠮ ᠳᠡᠭᠡᠷ᠎ᠡ ᠦᠨᠳᠦᠰᠦᠨ ᠱᠠᠲᠤᠨ ᠤ ᠡᠭᠦᠷᠭᠡᠯᠡᠯ ᠢ ᠡᠭᠦᠷᠭᠡᠯᠡᠵᠦ᠂ ᠪᠣᠳᠠᠲᠤ

ᠠᠵᠢᠯᠯᠠᠭ᠎ᠠ ᠪᠠᠷ ᠢᠶᠠᠨ ᠬᠠᠶᠢᠪᠸᠢ ᠵᠡᠭᠡᠯᠢ ᠭᠤᠳᠤᠮᠵᠢ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ

ᠨᠡᠭᠡᠭᠡᠨ᠎ᠡ ᠃  

1675417345188008194.png

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号