ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠤ᠂ ᠭᠡᠷ ᠤᠨ ᠭᠠᠳᠠᠨᠠᠬᠢ ᠵᠠᠷ ᠮᠡᠳᠡᠭᠡ ᠶᠢ ᠲᠥᠪᠯᠡᠷᠡᠭᠦᠯᠦᠨ ᠴᠡᠪᠡᠷᠯᠡᠪᠡ
ᠨᠡᠶᠢᠲᠡᠯᠡᠭᠰᠡᠨ ᠴᠠᠭ᠄
2023/2/6
       ᠨᠡᠶᠢᠲᠡ ᠶᠢᠨ ᠠᠰᠠᠷᠠᠮᠵᠢ ᠶᠢᠨ ᠵᠠᠷ ᠪᠣᠯ ᠬᠤᠲᠠ ᠶᠢᠨ ᠨᠢᠭᠡᠨ ᠦᠵᠡᠮᠵᠢ ᠶᠢᠨ ᠣᠷᠣᠨ ᠮᠥᠨ᠂ ᠭᠡᠪᠡᠴᠦ ᠤᠷᠲᠤ ᠬᠤᠭᠤᠴᠠᠭᠠᠨ ᠤ ᠰᠠᠯᠬᠢ ᠦᠯᠢᠶᠡᠵᠦ ᠨᠠᠷᠠᠨ ᠳᠤ ᠡᠭᠡᠭᠡᠬᠦ ᠨᠢ ᠵᠠᠷ ᠮᠡᠳᠡᠭᠡ ᠨᠢ ᠡᠪᠳᠡᠷᠡᠵᠦ ᠪᠤᠵᠠᠷ ᠪᠤᠷᠲᠠᠭ ᠪᠣᠯᠵᠤ᠂ ᠬᠤᠲᠠ ᠶᠢᠨ ᠥᠩᠭᠡ ᠵᠢᠰᠦ ᠶᠢ ᠪᠠᠭᠠᠰᠬᠠᠬᠤ ᠪᠣᠯᠤᠨ᠎ᠠ᠃ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ᠂ ᠴᠡᠪᠡᠷ ᠲᠡᠭᠰᠢ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠬᠡᠳᠦᠨ ᠡᠳᠦᠷ ᠤᠨ ᠲᠤᠷᠰᠢ᠂ ᠬᠠᠶᠢᠷᠤᠪ ᠤᠨ ᠲᠣᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠷᠢᠶ᠎ᠠ ᠣᠷᠣᠨ ᠤ ᠬᠡᠪᠴᠢᠶᠡᠨ ᠳᠠᠬᠢ ᠡᠪᠳᠡᠭᠳᠡᠭᠰᠡᠨ ᠨᠡᠶᠢᠲᠡ ᠶᠢᠨ ᠠᠰᠠᠷᠠᠮᠵᠢ᠂ ᠬᠤᠳᠠᠯᠳᠤᠭᠠᠨ ᠤ ᠵᠠᠷ ᠮᠡᠳᠡᠭᠡ ᠶᠢ ᠲᠥᠪᠯᠡᠷᠡᠭᠦᠯᠦᠨ ᠴᠡᠪᠡᠷᠯᠡᠪᠡ᠃    ᠲᠥᠯᠥᠪᠵᠢᠭᠦᠯᠭᠡ ᠶᠢᠨ ᠳᠤᠮᠳᠠ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠢᠯᠡᠷᠬᠡᠶᠢᠯᠡᠭᠰᠡᠨ ᠨᠢ᠂ ᠶᠠᠮᠠᠷᠪᠠ ᠨᠢᠭᠡᠴᠡ ᠪᠤᠶᠤ ᠬᠤᠪᠢ ᠬᠥᠮᠦᠨ ᠬᠤᠲᠠ ᠶᠢᠨ ᠣᠯᠠᠨ ᠨᠡᠶᠢᠲᠡ ᠶᠢᠨ ᠣᠷᠣᠨ ᠪᠦᠰᠡ ᠳᠤ ᠵᠠᠷ ᠮᠡᠳᠡᠭᠡ ᠭᠠᠷᠭᠠᠬᠤ ᠳᠤ ᠂ ᠪᠡᠯᠡᠳᠬᠡᠮᠵᠢ ᠶᠢᠨ ᠬᠠᠮᠢᠶᠠᠷᠤᠯᠲᠠ ᠵᠢᠴᠢ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠶ᠃ ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠴᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠳᠠᠯᠳᠠ ᠭᠡᠮ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠤᠡᠪᠤᠷᠢᠯᠡᠵᠤ᠂ ᠪᠣᠯᠪᠠᠰᠤᠨ ᠡᠮᠬᠢ ᠵᠢᠷᠤᠮ ᠲᠠᠢ᠂ ᠴᠡᠪᠡᠷ ᠴᠡᠮᠴᠡᠭᠡᠷ ᠬᠤᠲᠠ ᠶᠢᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃

1675414975941082776.jpg

1675414992507049348.jpg

1675415005098086676.jpg

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号