︽ᠡᠭᠦᠳᠡ ᠪᠠᠨ ᠬᠠᠭᠠᠬᠤ ᠦᠭᠡᠢ︾ ᠦᠢᠯᠡᠴᠢᠯᠡᠭᠡ ᠨᠢ ᠸᠧᠨ ᠰᠢᠨ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠨᠠᠩ ᠳᠤᠯᠠᠭᠠᠬᠠᠨ ᠪᠣᠯᠭᠠᠨ᠎ᠠ
ᠨᠡᠶᠢᠲᠡᠯᠡᠭᠰᠡᠨ ᠴᠠᠭ᠄
2023/2/7
      ᠸᠧᠨ ᠰᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠰᠠᠭᠤᠭᠠᠯᠢ ᠠᠷᠠᠳ ᠤᠨ ᠠᠵᠢᠯ ᠤᠨ ᠪᠠᠭᠤᠴᠠ ᠪᠠ ᠨᠡᠶᠢᠭᠡᠮ ᠲᠣᠭᠤᠷᠢᠭ ᠤᠨ ᠠᠵᠢᠯᠯᠠᠬᠤ ᠴᠠᠭ ᠢ ᠳᠠᠪᠬᠤᠴᠠᠭᠤᠯᠵᠤ᠂ ᠠᠵᠢᠯ ᠶᠠᠪᠤᠳᠠᠯ ᠭᠦᠢᠴᠡᠳᠬᠡᠬᠦ ᠳᠤ ᠳᠥᠭᠦᠮ ᠦᠭᠡᠢ ᠪᠠᠶᠢᠬᠤ ᠪᠣᠳᠠᠲᠠᠶ ᠠᠰᠠᠭᠤᠳᠠᠯ ᠳᠤ ᠴᠢᠭᠯᠡᠭᠦᠯᠦᠨ᠂ ᠸᠧᠨ ᠰᠢᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ︽ᠴᠠᠭ ᠢ ᠤᠷᠲᠤᠳᠬᠠᠬᠤ ᠦᠢᠯᠡᠴᠢᠯᠡᠭᠡ︾᠎ ᠶᠢᠨ ᠠᠷᠭ᠎ᠠ ᠬᠡᠮᠵᠢᠶ᠎ᠡ ᠭᠠᠷᠭᠠᠵᠤ᠂ ᠬᠡᠪ ᠤᠨ ᠠᠵᠢᠯᠯᠠᠬᠤ ᠴᠠᠭ ᠲᠤ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡ ᠬᠠᠩᠭᠠᠭᠰᠠᠨ ᠰᠠᠭᠤᠷᠢᠨ ᠳᠡᠭᠡᠷ᠎ᠡ᠂ ᠭᠠᠷᠠᠭ ᠪᠦᠷᠢ ᠶᠢᠨ ᠵᠢᠷᠭᠤᠭᠠᠨ ᠤ ᠦᠳᠡ ᠶᠢᠨ ᠡᠮᠦᠨᠡᠬᠢ 9᠄ 00 - 12᠄ 00 ᠴᠠᠭ ᠢ ᠤᠷᠲᠤᠳᠬᠠᠨ ᠦᠢᠯᠡᠴᠢᠯᠡᠬᠦ ᠴᠠᠭ ᠢᠶᠠᠷ ᠲᠣᠭᠲᠠᠭᠠᠵᠤ᠂ ᠳᠤᠯᠠᠭᠠᠴᠠ ᠲᠠᠢ᠂ ᠠᠷᠠᠳ ᠲᠤ ᠲᠥᠬᠦᠮ ᠦᠵᠡᠭᠦᠯᠬᠦ ᠰᠢᠨ᠎ᠡ ᠬᠡᠯᠪᠡᠷᠢ ᠶᠢᠨ ᠨᠡᠶᠢᠭᠡᠮ ᠲᠣᠭᠤᠷᠢᠭ ᠤᠨ ᠠᠯᠪᠠᠯᠠᠬᠤ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾᠎ ᠢ ᠨᠡᠪᠲᠡᠷᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃     ︽ᠲᠠ ᠨᠠᠷ ᠲᠤ ᠦᠨᠡᠬᠡᠷ ᠲᠠᠯᠠᠷᠬᠠᠵᠤ ᠪᠠᠶᠢᠨ᠎ᠠ᠂ ᠬᠡᠪ ᠤᠨ ᠠᠵᠢᠯ ᠤᠨ ᠡᠳᠦᠷ ᠲᠤ ᠪᠦᠷ ᠠᠵᠢᠯᠯᠠᠵᠤ ᠪᠠᠶᠢᠨ᠎ᠠ ᠂ ᠪᠢ ᠭᠠᠷᠠᠭ ᠤᠨ ᠰᠡᠭᠦᠯᠴᠢ ᠳᠤ ᠪᠦᠲᠦᠭᠡᠵᠦ ᠳᠡᠶᠢᠯᠬᠦ ᠦᠭᠡᠢ ᠠᠴᠠ ᠶᠡᠷᠦ ᠨᠢ ᠰᠠᠨᠠᠭᠠᠰᠢᠷᠠᠵᠤ ᠪᠠᠶᠢᠭᠰᠠᠨ ᠶᠤᠮ᠂ ᠭᠠᠷᠠᠭ ᠤᠨ ᠵᠢᠷᠭᠤᠭᠠᠨ ᠳᠤ ᠲᠠ ᠨᠠᠷ ᠪᠠᠰᠠ ᠮᠢᠨᠤ  ᠶᠠᠪᠤᠳᠠᠯ ᠢ ᠬᠠᠪᠰᠤᠷᠤᠨ ᠭᠦᠢᠴᠡᠤᠡᠭᠡᠵᠤ ᠦᠭᠭᠦᠨ᠎ᠡ ᠭᠡᠵᠦ ᠪᠣᠳᠣᠵᠤ ᠣᠯᠣᠭᠰᠠᠨ ᠥᠬᠡᠶ︾ ᠭᠡᠪᠡ᠃ ᠣᠶᠢᠷ᠎ᠠ ᠳᠤ᠂ ᠬᠠᠷᠢᠶ᠎ᠠ ᠣᠷᠣᠨ ᠤ ᠰᠠᠭᠤᠭᠠᠯᠢ ᠠᠷᠠᠳ ᠭᠠᠷᠠᠭ ᠤᠨ ᠰᠡᠭᠦᠯᠴᠢ ᠳᠤ ᠸᠧᠨ ᠰᠢᠨ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠨ ᠳᠤ ᠬᠦᠷᠴᠦ ᠲᠤᠬᠠᠶᠢᠯᠠᠭᠰᠠᠨ ᠠᠵᠢᠯ ᠬᠦᠢᠴᠡᠳᠬᠡᠬᠦ ᠨᠢ ᠳᠠᠷᠤᠶ ᠴᠠᠭ ᠢ ᠤᠷᠲᠤᠳᠬᠠᠬᠤ ᠦᠢᠯᠡᠴᠢᠯᠡᠭᠡ ᠥᠷᠨᠢᠭᠦᠯᠦᠭᠰᠡᠨ ᠠᠴᠠ ᠨᠠᠰᠢ᠂ ᠸᠧᠨ ᠰᠢᠨ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠠᠵᠢᠯ ᠤᠨ ᠬᠤᠷᠢᠶᠠᠩᠭᠤᠶ ᠳᠦᠷᠰᠦ ᠪᠣᠯᠤᠨ᠎ᠠ᠃ ᠡᠭᠦᠨ ᠠᠴᠠ ᠭᠠᠳᠠᠨ᠎ᠠ᠂ ᠸᠧᠨ ᠰᠢᠨ ᠨᠡᠶᠢᠭᠡᠮ ᠲᠣᠭᠤᠷᠢᠭ ᠤᠨ ᠠᠵᠢᠯᠲᠠᠳ ᠪᠠᠰᠠ ᠬᠥᠳᠡᠯᠵᠦ ᠪᠠᠷᠢᠬᠤ ᠳᠤ ᠳᠥᠭᠦᠮ ᠦᠭᠡᠢ ᠰᠠᠭᠤᠭᠠᠯᠢ ᠠᠷᠠᠳ ᠲᠤ ᠬᠡᠷ ᠲᠤᠨᠢ ᠬᠦᠷᠴᠦ ᠤᠶᠢᠯᠡᠴᠢᠯᠡᠭᠡ ᠬᠠᠩᠭᠠᠵᠤ᠂ ᠣᠨᠴᠠᠭᠠᠶ ᠬᠠᠮᠲᠤᠯᠢᠭ ᠤᠨ ᠨᠡᠶᠢᠭᠡᠮ ᠲᠣᠭᠤᠷᠢᠭ ᠵᠢᠴᠢ ᠨᠡᠶᠢᠭᠡᠮ ᠤᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠭᠥᠷᠳᠡᠬᠦ ᠶᠢ ᠪᠠᠲᠤᠯᠠᠪᠠ᠃    ᠯᠢᠨ ᠶᠢᠨ ᠵᠡᠭᠡᠯᠢ ᠭᠤᠳᠤᠮᠵᠢ ᠶᠢᠨ ᠸᠧᠨ ᠰᠢᠨ ᠨᠡᠶᠢᠭᠡᠮ ᠲᠣᠭᠤᠷᠢᠭ ᠴᠠᠭ ᠢ ᠤᠷᠲᠤᠳᠬᠠᠨ ᠦᠢᠯᠡᠴᠢᠯᠡᠵᠦ ᠥᠷᠨᠢᠭᠦᠯᠦᠭᠰᠡᠨ ᠠᠴᠠ ᠨᠠᠰᠢ ᠰᠠᠭᠤᠭᠠᠯᠢ ᠠᠷᠠᠳ ᠢ ᠨᠡᠶᠢᠲᠡ 120 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠬᠠᠪᠰᠤᠷᠤᠨ ᠭᠦᠢᠴᠡᠤᠡᠭᠡᠵᠤ ᠣᠷᠣᠯᠠᠨ ᠭᠦᠢᠴᠡᠳᠭᠡᠪᠡ᠂ ᠰᠠᠭᠤᠭᠠᠯᠢ ᠠᠷᠠᠳ ᠤᠨ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠴᠠᠭ ᠢ ᠳᠠᠪᠬᠤᠴᠠᠵᠤ᠂ ᠠᠵᠢᠯ ᠶᠠᠪᠤᠳᠠᠯ  ᠭᠦᠢᠴᠡᠤᠡᠭᠡᠬᠦ ᠳᠤ ᠲᠥᠬᠦᠮ ᠥᠬᠡᠶ ᠪᠣᠳᠠᠲᠠᠶ ᠠᠰᠠᠭᠤᠳᠠᠯ ᠢ ᠰᠢᠢᠤᠡᠪᠤᠷᠢᠯᠡᠵᠤ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠲᠠᠬᠢ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠸᠧᠨ ᠰᠢᠨ ᠨᠡᠶᠢᠭᠡᠮ ᠲᠣᠭᠤᠷᠢᠭ ᠤᠨ ᠵᠢᠵᠢᠭᠦᠷ ᠤᠨ ᠤᠲᠠᠰᠤ ᠶᠢ 24 ᠴᠠᠭ ᠨᠡᠭᠡᠭᠡᠵᠦ᠂ ᠴᠠᠭ ᠢ ᠤᠷᠲᠤᠳᠬᠠᠬᠤ ᠦᠢᠯᠡᠴᠢᠯᠡᠭᠡᠨ ᠤ ᠴᠠᠭ ᠤᠨ ᠳᠣᠲᠣᠷ᠎ᠠ ᠴᠤ ᠭᠡᠰᠡᠨ ᠰᠠᠭᠤᠭᠠᠯᠢ ᠠᠷᠠᠳ ᠲᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠢᠳᠡᠪᠬᠢᠲᠡᠶ ᠰᠢᠢᠤᠡᠪᠤᠷᠢᠯᠡᠵᠤ᠂ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠵᠠᠶ ᠶᠢ  ᠤᠶᠢᠷᠠᠳᠤᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号