ᠯᠢᠨ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/7
      ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠬᠤᠷᠢᠶᠠᠯᠠᠯ ᠤᠨ ᠨᠠᠮ ᠤᠨ ᠡᠭᠦᠷ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠬᠤᠳᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠨᠠᠷᠢᠯᠢᠬᠵᠢᠭᠤᠯᠤᠭᠰᠠᠨ ᠲᠦᠪᠰᠢᠨ ᠪᠣᠯᠤᠨ ᠵᠣᠬᠢᠶᠠᠨ ᠪᠠᠶᠢᠭᠤᠯᠤᠯᠲᠠ ᠶᠢᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠯᠢᠨ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ ᠱᠦᠵᠢ ᠵᠢᠴᠢ ᠰᠠᠭᠤᠭᠠᠯᠢ ᠲᠣᠭᠤᠷᠢᠭ ᠤᠨ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠯᠢᠨ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠬᠥ᠋ ᠢᠦᠶ ᠲᠠᠩ ᠢ ᠶᠢᠨ ︽ᠬᠤᠲᠠ ᠶᠢᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 65 ᠳ᠋ᠤᠭᠠᠷ ᠤᠳᠠᠭ᠎ᠠ ᠶᠢᠨ ᠬᠤᠷᠠᠯ ᠵᠢᠴᠢ 2022 ᠣᠨ ᠤ ᠡᠯ᠎ᠡ ᠲᠣᠭᠤᠷᠢᠭ ᠤᠨ ᠨᠠᠮ ᠤᠨ ᠬᠤᠷᠢᠶ᠎ᠠ ᠂ ᠬᠤᠲᠠ ᠶᠢᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠨᠠᠮ ︵ᠠᠵᠢᠯᠴᠢᠨ︶᠎ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠠᠵᠢᠯ ᠤᠨ ᠮᠡᠳᠡᠭᠦᠯᠦᠯᠲᠡ ᠶᠢᠨ ᠬᠤᠷᠠᠯ ᠳᠡᠭᠡᠷᠡᠬᠢ ᠶᠠᠷᠢᠶ᠎ᠠ︾᠎ ᠶᠢ ᠤᠯᠠᠮᠵᠢᠯᠠᠪᠠ᠃ ᠳᠠᠷᠠᠭ᠎ᠠ ᠨᠢ᠂ ᠡᠯ᠎ᠡ ᠨᠡᠶᠢᠭᠡᠮ ᠲᠣᠭᠤᠷᠢᠭ ᠤᠨ ᠱᠦᠵᠢ 2023 ᠣᠨ ᠤ ᠠᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠪᠡ᠃ ᠬᠠᠮᠤᠭ ᠰᠡᠭᠦᠯ ᠳᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠭᠧ ᠵᠤᠤ ᠶᠦᠩ ᠡᠯ᠎ᠡ ᠪᠠᠭ᠎ᠠ ᠲᠣᠭᠤᠷᠢᠭ ᠤᠨ ᠨᠠᠮ ᠤᠨ ᠡᠭᠦᠷ ᠤᠨ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠡᠯ᠎ᠡ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠠᠵᠢᠯ ᠣᠯᠭᠤᠯᠲᠠ ᠵᠡᠷᠭᠡ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠯᠢᠨ ᠶᠢᠨ ᠵᠡᠭᠡᠯᠢ ᠭᠤᠳᠤᠮᠵᠢ ᠪᠠᠭ᠎ᠠ ᠲᠣᠭᠤᠷᠢᠭ ᠤᠨ ᠨᠠᠮ ᠤᠨ ᠡᠭᠦᠷ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠪᠠᠭ᠎ᠠ ᠲᠣᠭᠤᠷᠢᠭ ᠤᠨ ᠨᠠᠮ ᠤᠨ ᠡᠭᠦᠷ ᠤᠨ ᠴᠢᠳᠠᠪᠬᠢ ᠪᠣᠯᠤᠨ ᠦᠢᠯᠡᠳᠦᠯ ᠢ ᠴᠢᠩᠭᠠᠳᠬᠠᠬᠤ ᠪᠠᠷ ᠬᠦᠴᠦᠯᠡᠨ ᠴᠢᠷᠮᠠᠶᠢᠪᠠ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号