ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠵᠢᠯᠯᠠᠭ᠎ᠠ ᠶᠢᠨ ᠪᠠᠲᠤᠯᠠᠭ᠎ᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/2/7
      ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠠᠷᠠᠳ ᠤᠯᠠᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠢᠯᠯᠠᠭ᠎ᠠ ᠶᠢ ᠪᠠᠶᠠᠯᠢᠭᠵᠢᠭᠤᠯᠵᠤ᠂ ᠠᠷᠠᠳ ᠤᠯᠠᠨ ᠤ ᠴᠢᠨᠠᠷ ᠰᠠᠶᠢᠲᠠᠢ ᠠᠮᠢᠳᠤᠷᠠᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ 2023 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠢᠳᠴᠢᠯᠠᠨ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠠᠮᠤᠷ ᠲᠦᠪᠰᠢᠨ ᠤ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠥᠷᠭᠡᠨ ᠤᠯᠠᠨ ᠬᠤᠳᠠ ᠶᠢᠨ ᠠᠷᠠᠳ ᠲᠤ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠵᠤ ᠥᠭᠴᠡᠢ᠃

1675733797963024328.jpg

1675733788443028452.png

1675733778667071385.png

     ᠨᠢᠭᠡ ᠳᠤ᠂ ᠬᠠᠮᠢᠶᠠᠷᠤᠯᠲᠠ ᠶᠢᠨ ᠬᠦᠴᠦᠨ ᠢ ᠨᠠᠶᠢᠳᠠᠪᠤᠷᠢᠵᠢᠭᠤᠯᠪᠠ᠃ ᠬᠠᠶᠢᠷᠤᠪ ᠤᠨ ᠲᠤᠬᠤᠢ ᠲᠤᠭᠤᠷᠢᠭ ᠤᠨ

ᠬᠠᠤᠯᠢ ᠬᠡᠷᠡᠭᠵᠢᠭᠦᠯᠬᠦ ᠲᠤᠪᠴᠢᠶ᠎ᠠ ᠠᠵᠢᠯ ᠤᠨ ᠲᠥᠰᠦᠯ ᠲᠣᠭᠲᠠᠭᠠᠬᠤ ᠪᠠᠷ ᠳᠠᠮᠵᠢᠭᠤᠯᠤᠨ᠂ ᠤᠳᠤᠷᠢᠳᠬᠤ

ᠳᠤᠭᠤᠶᠢᠯᠠᠩ ᠪᠠᠶᠢᠭᠤᠯᠵᠤ᠂ ᠪᠦᠬᠦ ᠠᠵᠢᠯᠲᠠᠨ ᠡᠭᠦᠷᠭᠡ ᠭᠦᠢᠴᠡᠳᠬᠡᠬᠦ ᠪᠠᠲᠤᠯᠠᠭ᠎ᠠ ᠳᠤ ᠣᠷᠣᠯᠴᠠᠵᠤ᠂ 5 ᠠᠵᠢᠯᠯᠠᠬᠤ

ᠳᠤᠭᠤᠶᠢᠯᠠᠩ ᠪᠠᠶᠢᠭᠤᠯᠵᠤ᠂ ᠴᠡᠭ ᠠᠴᠠ ᠴᠡᠭ ᠲᠤ ᠬᠦᠷᠦᠨ ᠵᠢᠵᠢᠭᠦᠷᠯᠡᠵᠦ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ

᠂ ᠠᠷᠠᠳ ᠤᠨ ᠠᠭᠤᠳᠠᠮ ᠲᠠᠯᠠᠪᠠᠢ ᠶᠢᠨ ᠱᠢ ᠴᠧᠩ ᠵᠡᠭᠡᠯᠢ᠂ ᠠᠷᠠᠳ ᠤᠨ ᠵᠠᠮ ᠤᠨ ᠲᠣᠭᠤᠷᠢᠨ ᠪᠠᠶᠢᠴᠠᠭᠠᠬᠤ

ᠵᠠᠮ ᠤᠨ ᠬᠡᠰᠡᠭ ᠵᠢᠴᠢ ᠴᠡᠭ ᠪᠠᠶᠢᠷᠢ ᠶᠢᠨ ᠣᠷᠣᠨ ᠪᠦᠰᠡ ᠳᠤ ᠵᠢᠵᠢᠭᠦᠷᠯᠡᠭᠴᠢ ᠶᠢ ᠵᠦᠢ ᠵᠣᠬᠢᠰᠲᠠᠢ ᠲᠤᠬᠢᠷᠠᠭᠤᠯᠵᠤ᠂

ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢ ᠪᠦᠬᠦ ᠣᠷᠣᠨ ᠪᠦᠰᠡ ᠶᠢ  ᠬᠠᠮᠤᠷᠪᠠ᠃

 

1675733817482038742.jpg

1675733824692073712.jpg

1675733832933011331.jpg

    ᠬᠤᠶᠠᠷ ᠲᠤ᠂ ᠬᠠᠮᠢᠶᠠᠷᠤᠯᠲᠠ ᠶᠢᠨ ᠴᠠᠭ ᠢ ᠨᠠᠶᠢᠳᠠᠪᠤᠷᠢᠵᠢᠭᠤᠯᠪᠠ᠃ ᠬᠠᠶᠢᠷᠤᠪ ᠤᠨ ᠲᠤᠬᠤᠢ ᠲᠤᠭᠤᠷᠢᠭ ᠤᠨ

ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠳ ᠢ ᠨᠠᠷᠢᠨ ᠨᠢᠮᠪᠠᠢ ᠲᠣᠬᠢᠷᠠᠭᠤᠯᠵᠤ᠂ ᠬᠤᠶᠠᠷ

ᠡᠳᠦᠷ ᠤᠨ ᠬᠤᠭᠤᠴᠠᠭ᠎ᠠ ᠲᠠᠢ ᠥᠯᠵᠡᠢᠲᠦ ᠡᠳᠦᠷ ᠤᠨ ᠠᠵᠢᠯᠯᠠᠭ᠎ᠠ ᠶᠢ ᠪᠠᠲᠤᠯᠠᠬᠤ ᠠᠵᠢᠯ ᠢ ᠥᠷᠨᠢᠭᠦᠯᠪᠡ᠃  ᠴᠠᠭ

ᠨᠡᠮᠡᠵᠦ ᠠᠵᠢᠯᠯᠠᠬᠤ᠂ ᠴᠠᠭ ᠤᠷᠲᠤᠳᠬᠠᠨ ᠵᠢᠵᠢᠭᠦᠷᠯᠡᠨ ᠰᠠᠬᠢᠬᠤ ᠪᠠᠷ ᠳᠠᠮᠵᠢᠭᠤᠯᠤᠨ ᠪᠦᠬᠦᠯᠢ ᠡᠳᠦᠷ ᠢᠶᠠᠷ ᠵᠠᠢ

ᠵᠠᠪᠰᠠᠷ ᠦᠭᠡᠢ ᠬᠠᠮᠢᠶᠠᠷᠬᠤ ᠶᠢ ᠪᠡᠶᠡᠯᠡᠭᠦᠯᠵᠦ᠂ ᠬᠠᠮᠢᠶᠠᠷᠤᠯᠲᠠ ᠶᠢᠨ ᠪᠠᠯᠠᠶ ᠣᠷᠣᠨ ᠪᠠ ᠬᠠᠮᠢᠶᠠᠷᠤᠯᠲᠠ ᠶᠢ

ᠲᠠᠰᠤᠯᠳᠠᠭᠤᠯᠬᠤ ᠦᠵᠡᠭᠳᠡᠯ ᠢ ᠬᠦᠴᠦᠯᠡᠨ ᠠᠷᠢᠯᠭᠠᠵᠤ᠂ ᠬᠠᠮᠢᠶᠠᠷᠤᠯᠲᠠ ᠶᠢᠨ ᠴᠠᠭ ᠢ ᠪᠦᠬᠦᠨ ᠢ ᠬᠠᠮᠤᠷᠬᠤ ᠶᠢ

ᠦᠨᠡᠨᠬᠦ  ᠪᠠᠳᠤᠯᠠᠪᠠ᠃

1675733840929024411.jpg

1675733849357019892.jpg

1675733859297009325.png

    ᠭᠤᠷᠪᠠ ᠳᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ᠬᠠᠶᠢᠷᠤᠪ ᠤᠨ ᠲᠣᠬᠤᠢ

ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠪᠠ ᠴᠡᠭ

ᠲᠣᠭᠲᠠᠭᠠᠨ ᠵᠢᠵᠢᠭᠦᠷᠯᠡᠨ ᠰᠠᠬᠢᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠪᠠᠷᠢᠮᠲᠠᠯᠠᠵᠤ᠂ ᠴᠢᠬᠤᠯᠠ

ᠵᠠᠮ ᠤᠨ ᠬᠡᠰᠡᠭ ᠪᠣᠯᠤᠨ ᠣᠷᠣᠨ ᠪᠦᠰᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠡᠭᠦᠳᠡᠯ ᠬᠤᠳᠠᠯᠳᠤᠭᠠᠨ ᠤ

ᠬᠤᠳᠠᠯᠳᠤᠭᠠᠴᠢᠨ᠂ ᠳᠤᠷ᠎ᠠ ᠪᠠᠷ ᠢᠶᠠᠨ ᠬᠤᠳᠠᠯᠳᠤᠬᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ

ᠲᠠᠯᠪᠢᠬᠤ ᠪᠠᠷ ᠬᠠᠮᠢᠶᠠᠷᠤᠯᠲᠠ ᠶᠢᠨ ᠭᠤᠤᠯ ᠠᠭᠤᠯᠭ᠎ᠠ ᠪᠣᠯᠭᠠᠵᠤ᠂ ᠢᠯᠠᠩᠭᠤᠶ᠎ᠠ ᠬᠤᠸᠠᠷ ᠫᠤᠤᠵᠢᠩ᠂

ᠤᠰᠤᠲᠥ᠋ᠷᠥᠭᠴᠢ ᠬᠡᠶᠢᠲᠦ ᠪᠥᠮᠪᠦᠭᠡ᠂ ᠺᠦᠩ ᠮᠢᠩ ᠳ᠋ᠧᠩ ᠵᠡᠷᠭᠡ ᠠᠮᠠᠷᠬᠠᠨ ᠨᠣᠴᠣᠮᠠᠲᠠᠭᠠᠶ ᠳᠡᠯᠪᠡᠷᠡᠮᠡᠲᠡᠭᠡᠶ

ᠠᠶᠤᠯᠲᠠᠶ ᠡᠳ᠋ ᠫᠠᠨᠽᠠᠯᠠᠬᠤ ᠪᠠ ᠲᠣᠰᠣᠨ ᠳᠡᠯᠪᠡᠴᠢᠬᠦ᠂ ᠰᠢᠷᠠᠮᠠᠯ ᠤᠨ ᠭᠠᠵᠠᠷ ᠵᠡᠷᠭᠡ ᠣᠷᠴᠢᠨ ᠲᠣᠭᠤᠷᠢᠨ ᠢ ᠬᠦᠨᠳᠦ

ᠨᠣᠴᠢᠲᠠᠶ ᠪᠣᠬᠢᠷᠲᠤᠭᠤᠯᠤᠭᠰᠠᠨ ᠬᠤᠳᠠᠯᠳᠤᠭᠠᠴᠢᠨ ᠢ ᠲᠣᠭᠤᠷᠢᠨ ᠪᠠᠶᠢᠴᠠᠭᠠᠬᠤ ᠬᠠᠮᠢᠶᠠᠷᠤᠯᠲᠠ ᠪᠠᠨ  ᠴᠢᠩᠭᠠᠤᠡᠬᠠᠪᠠ᠃

    2023 ᠣᠨ ᠤ ᠥᠯᠵᠡᠶᠢᠲᠦ ᠡᠳᠦᠷ ᠤᠨ ᠪᠠᠶᠠᠷ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠤᠨ

ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠢ

ᠨᠡᠶᠢᠲᠡ 1100 ᠭᠠᠷᠤᠶ ᠬᠥᠮᠦᠨ ᠤᠳᠠᠭ᠎ᠠ ᠬᠥᠳᠡᠯᠭᠡᠵᠦ᠂ 280 ᠭᠠᠷᠤᠶ ᠨᠡᠭᠦᠳᠡᠯ ᠬᠤᠳᠠᠯᠳᠤᠭᠠᠴᠢᠨ ᠢ ᠴᠡᠪᠡᠷᠯᠡᠨ

ᠴᠡᠭᠴᠡᠯᠡᠵᠦ᠂ ᠤᠰᠤᠲᠥ᠋ᠷᠥᠭᠴᠢ ᠬᠡᠶ ᠶᠢᠨ ᠪᠥᠮᠪᠦᠭᠡ᠂ ᠺᠦᠩ ᠮᠢᠩ ᠳ᠋ᠧᠩ ᠵᠡᠷᠭᠡ ᠠᠮᠤᠷ ᠲᠦᠪᠰᠢᠨ ᠤ ᠬᠡᠮ

ᠰᠣᠭᠤᠭ ᠢ 40 ᠭᠠᠷᠤᠶ ᠤᠳᠠᠭ᠎ᠠ ᠠᠷᠢᠯᠭᠠᠵᠤ᠂ 200 ᠭᠠᠷᠤᠶ ᠮᠠᠰᠢᠨᠲᠤ ᠪᠤᠰᠤ ᠲᠡᠷᠭᠡ ᠵᠣᠭᠰᠣᠭᠠᠬᠤ ᠶᠢ

ᠵᠢᠷᠤᠮᠵᠢᠭᠤᠯᠪᠠ᠃

1675733867746022618.jpg

   

      ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ

ᠬᠡᠷᠡᠭᠵᠢᠭᠦᠯᠬᠦ ᠲᠣᠪᠴᠢᠶ᠎ᠠ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ

ᠪᠠᠷᠢᠮᠲᠠᠯᠠᠵᠤ᠂ ᠪᠦᠬᠦ ᠠᠵᠢᠯᠲᠠᠳ ᠠᠮᠠᠷᠠᠬᠤ ᠪᠠᠨ ᠪᠤᠯᠢᠵᠤ᠂ ᠵᠢᠵᠢᠭᠦᠷᠯᠡᠵᠦ ᠪᠠᠶᠢᠭ᠎ᠠ ᠴᠠᠭ ᠨᠢ ᠤᠷᠲᠤ ᠵᠡᠷᠭᠡ

ᠬᠦᠴᠢᠷᠳᠡᠯ ᠢ ᠢᠯᠠᠨ ᠳᠠᠪᠠᠵᠤ᠂ ᠵᠢᠯᠣᠭᠤᠳᠤᠯᠭ᠎ᠠ ᠶᠢ ᠳᠠᠭᠠᠵᠤ᠂ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠰᠢᠨ᠎ᠡ

ᠴᠠᠭ ᠦᠶ᠎ᠡ ᠶᠢᠨ ᠬᠤᠲᠠ ᠶᠢᠨ ᠬᠠᠮᠢᠶᠠᠷᠤᠯᠲᠠ ᠶᠢᠨ ᠬᠥᠮᠦᠰ ᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂

ᠵᠣᠷᠢᠭᠲᠠᠶ ᠪᠠᠷ ᠠᠵᠢᠯ ᠬᠢᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠥᠯᠵᠡᠶᠢᠲᠦ

ᠡᠳᠦᠷ ᠤᠨ ᠪᠠᠶᠠᠷ ᠤᠨ ᠬᠤᠭᠤᠴᠠᠭᠠᠨ ᠳᠠᠬᠢ ᠬᠤᠲᠠ ᠶᠢᠨ ᠬᠠᠮᠢᠶᠠᠷᠤᠯᠲᠠ ᠶᠢᠨ ᠤᠶᠢᠯᠡᠴᠢᠯᠡᠭᠡᠨ ᠤ ᠪᠠᠲᠤᠯᠠᠭ᠎ᠠ ᠶᠢᠨ

ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠡᠶ᠃

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号