ᠬᠠᠶᠢᠷᠤᠪ ᠤᠨ ᠲᠤᠬᠤᠢ ᠲᠣᠭᠤᠷᠢᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2023/2/7
      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠥᠳᠡᠯᠭᠡᠬᠦ ᠬᠦᠴᠦᠨ ᠮᠥᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠰᠢᠭᠤᠳ ᠨᠥᠯᠥᠭᠡᠯᠡᠨ᠎ᠡ᠃ ᠤᠢᠢᠷ᠎ᠠ ᠶᠢᠨ ᠵᠢᠯ ᠠᠴᠠ᠂ ᠬᠠᠶᠢᠷᠤᠪ ᠤᠨ ᠲᠤᠬᠤᠢ ᠲᠣᠭᠤᠷᠢᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠷᠢᠭᠦᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠤᠢ ᠪᠣᠯᠭᠠᠬᠤ ᠪᠠᠷ ᠰᠠᠭᠤᠷᠢ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠲᠣᠣᠷ ᠢ ᠬᠦᠴᠦᠯᠡᠨ ᠪᠠᠶᠢᠭᠤᠯᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠳᠥᠭᠦᠮᠴᠢᠯᠡᠯᠲᠡ ᠶᠢ ᠲᠠᠰᠤᠷᠠᠯᠳᠠ ᠦᠭᠡᠢ ᠠᠬᠢᠭᠤᠯᠪᠠ᠃    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠢᠩᠬᠢᠮ ᠤᠨ ᠲᠤᠬᠠᠶᠢᠯᠠᠭᠰᠠᠨ ᠠᠵᠢᠯ ᠤᠨ ᠴᠢᠳᠠᠮᠵᠢᠳᠤ ᠣᠷᠣᠨ ᠵᠢᠴᠢ ᠶᠡᠷᠦᠩᠬᠡᠶᠢᠯᠡᠭᠰᠡᠨ ᠴᠣᠩᠬᠤᠪᠴᠢ ᠳᠤ ᠨᠢᠭᠡᠳᠦᠯᠲᠡᠶ ᠲᠣᠬᠢᠷᠠᠭᠤᠯᠤᠯᠲᠠ ᠬᠢᠵᠦ᠂ ᠭᠦᠢᠴᠡᠤᠡᠭᠡᠬᠦ ᠲᠠᠰ ᠳᠠᠷᠠᠭᠠᠯᠠᠯ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ︽ᠲᠤᠰᠬᠠᠶ ᠣᠷᠣᠨ + ᠶᠡᠷᠦᠩᠬᠡᠶᠢᠯᠡᠭᠰᠡᠨ ᠴᠣᠩᠬᠤᠪᠴᠢ ᠭᠠᠷᠭᠠᠬᠤ︾ ᠴᠣᠩᠬᠤᠪᠴᠢ ᠤᠶᠢᠯᠡᠴᠢᠯᠡᠭᠡᠨ ᠤ ᠵᠠᠭᠪᠤᠷ ᠢ ᠪᠦᠷᠢᠯᠳᠦᠭᠦᠯᠵᠦ᠂ ᠣᠯᠠᠨ ᠲᠦᠮᠡᠨ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠤᠡᠭᠡᠬᠦ ᠳᠤ ᠳᠥᠭᠦᠮ ᠦᠵᠡᠭᠦᠯᠬᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠣᠶᠢᠯᠠᠭᠠᠭᠰᠠᠨ ᠢᠶᠠᠷ᠂ ᠬᠠᠶᠢᠷᠤᠪ ᠤᠨ ᠲᠣᠬᠤᠶ ᠲᠣᠭᠤᠷᠢᠭ ︽ᠮᠥᠩᠬᠡ ᠰᠤᠪᠠᠭ · ᠨᠢᠭᠡ ᠯᠡ ᠤᠳᠠᠭ᠎ᠠ ᠳᠤ ᠭᠦᠢᠴᠡᠤᠡᠭᠡᠬᠦ︾ ᠶᠡᠷᠦᠩᠬᠡᠶ ᠲᠥᠯᠥᠪᠵᠢᠭᠦᠯᠭᠡ ᠶᠣᠰᠣᠭᠠᠷ᠂ ︽ᠨᠢᠭᠡ ᠯᠡ ᠤᠳᠠᠭ᠎ᠠ ᠳᠤ ᠭᠦᠢᠴᠡᠤᠡᠭᠡᠬᠦ︾ ᠴᠣᠩᠬᠤᠪᠴᠢ 7᠎ ᠶᠢ ᠪᠠᠶᠢᠭᠤᠯᠵᠤ᠂ ᠲᠤᠰᠬᠠᠶ ᠠᠵᠢᠯᠲᠠᠨ ᠳᠣᠭᠢᠷᠠᠭᠤᠯᠤᠨ᠂ ︽ᠡᠮᠦᠨ᠎ᠡ ᠲᠠᠪᠴᠠᠩ ᠳᠤ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠤᠡᠪᠤᠷᠢᠯᠡᠬᠦ᠂ ᠠᠷᠤ ᠲᠠᠪᠴᠠᠩ ᠳᠤ ᠨᠡᠶᠢᠯᠡᠭᠦᠯᠦᠨ ᠬᠢᠨᠠᠨ ᠵᠥᠪᠰᠢᠶᠡᠷᠡᠬᠦ᠂ ᠳᠣᠲᠣᠭᠠᠳᠤ ᠳᠠᠭᠠᠨ ᠡᠷᠭᠢᠯᠳᠦᠭᠦᠯᠦᠨ ᠣᠷᠣᠯᠠᠨ ᠭᠦᠢᠴᠡᠤᠡᠭᠡᠬᠦ᠂ ᠨᠢᠭᠡᠳᠦᠯᠲᠡᠶ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠤᠶᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ 2023 ᠣᠨ ᠤ ᠡᠬᠢᠨ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾᠂ ︽ᠮᠥᠩᠬᠡ ᠰᠤᠪᠠᠭ · ᠨᠢᠭᠡ ᠯᠡ ᠤᠳᠠᠭ᠎ᠠ ᠳᠤ ᠬᠦᠢᠴᠡᠳᠭᠡᠬᠦ︾ ᠪᠠ ᠶᠡᠷᠦᠩᠬᠡᠶᠢᠯᠡᠭᠰᠡᠨ ᠴᠣᠩᠬᠤᠪᠴᠢ ᠪᠠᠷ ᠡᠯ᠎ᠡ ᠲᠦᠷᠦᠯ ᠤᠨ ᠠᠵᠤ ᠠᠬᠤᠶᠢᠯᠠᠯ ᠳᠤ 564 ᠲᠤᠬᠠᠶᠢᠯᠠᠭᠰᠠᠨ ᠠᠵᠢᠯ ᠭᠦᠢᠴᠡᠳᠬᠡᠪᠡ᠃    ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠴᠤᠩᠬᠤᠪᠴᠢ ᠶᠢᠨ ᠠᠵᠢᠯᠳᠠᠨ ᠭᠦᠸᠧ ᠰᠢᠶᠤᠤ ᠬᠤᠸᠠ᠄ ︽ᠠᠵᠤ ᠠᠬᠤᠶᠢᠯᠠᠯ ᠤᠨ ᠺᠣᠮᠫᠠᠨᠢ ᠪᠠᠶᠢᠭᠤᠯᠬᠤ ᠳᠤ ᠨᠡᠩ ᠲᠦᠬᠦᠮ ᠦᠵᠡᠭᠦᠯᠬᠦ ᠶᠢᠨ ᠲᠥᠯᠥᠭᠡ᠂ ᠡᠨᠡ ᠵᠢᠯ ᠪᠢᠳᠡ ᠰᠢᠰᠲ᠋ᠧᠮ ᠢ ᠰᠢᠨᠡᠳᠬᠡᠵᠦ᠂ ᠰᠢᠯᠢᠳᠡᠭᠵᠢᠭᠦᠯᠵᠦ᠂ ᠰᠠᠭᠤᠷᠢ ᠮᠠᠲ᠋ᠧᠷᠢᠶᠠᠯ ᠢ ᠳᠡᠭᠡᠭᠰᠢ ᠳᠠᠮᠵᠢᠭᠤᠯᠬᠤ᠂ ᠰᠢᠰᠲ᠋ᠧᠮ ᠢ ᠳᠡᠭᠡᠭᠰᠢᠯᠡᠭᠦᠯᠬᠦ ᠠᠵᠢᠯᠯᠠᠭᠠᠨ ᠤ ᠬᠤᠷᠳᠤᠴᠠ ᠶᠢ ᠳᠡᠭᠡᠭᠰᠢᠯᠡᠭᠦᠯᠵᠦ᠂ ᠭᠦᠢᠴᠡᠳᠬᠡᠬᠦ ᠴᠠᠭ ᠢ ᠶᠡᠭᠡ ᠪᠠᠷ ᠪᠣᠭᠤᠨᠢᠰᠬᠠᠵᠤ᠂ ᠠᠵᠢᠯ ᠶᠠᠪᠤᠳᠠᠯ ᠡᠷᠬᠢᠯᠡᠬᠦ ᠭᠠᠷ ᠭᠦᠢᠴᠡᠳᠬᠡᠯ ᠢ ᠳᠥᠭᠦᠮᠴᠢᠯᠡᠵᠦ᠂ ᠡᠯ᠎ᠡ ᠠᠵᠤ ᠠᠬᠤᠶᠢᠯᠠᠯ ᠤᠨ ᠬᠡᠷᠡᠴᠢ ᠦᠨᠡᠮᠯᠡᠯ ᠢ ᠲᠦᠷᠭᠡᠨ ᠣᠯᠭᠤᠬᠤ ᠪᠥᠭᠡᠳ ᠤᠳᠤ ᠣᠯᠠᠩᠬᠢ ᠠᠵᠢᠯ ᠶᠠᠪᠤᠳᠠᠯ ᠡᠷᠬᠢᠯᠡᠬᠦ ᠤᠯᠠᠨ ᠲᠦᠮᠡᠨ ᠥᠪᠡᠰᠦᠪᠡᠨ ᠦᠢᠯᠡᠴᠢᠯᠡᠬᠦ ᠮᠠᠰᠢᠨ ᠢ ᠰᠣᠩᠭᠤᠵᠤ ᠭᠦᠢᠴᠡᠳᠬᠡᠬᠦ ᠳᠤᠷᠠᠲᠠᠢ᠃    ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠯᠵᠢᠶᠠᠨ ᠤ ᠠᠵᠠ ᠲᠣᠬᠢᠶᠠᠯ ᠢ ᠨᠢᠭᠲᠠᠷᠠᠭᠤᠯᠵᠤ᠂ ᠬᠠᠮᠲᠤ ᠪᠠᠷ ᠬᠥᠭᠵᠢᠵᠦ ᠢᠷᠡᠭᠡᠳᠦᠢ ᠶᠢ ᠢᠯᠠᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠳᠠᠯᠳᠤᠭ᠎ᠠ ᠶᠢ ᠴᠢᠬᠤᠯᠠᠴᠢᠯᠠᠬᠤ᠂ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭ᠎ᠠ ᠶᠢ ᠠᠮᠤᠷᠵᠢᠭᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠵᠦ ᠨᠡᠶᠢᠳᠬᠡᠬᠦ ᠡᠷᠴᠢᠮ ᠢ ᠢᠳᠡᠪᠬᠢᠲᠡᠢ ᠠᠬᠢᠭᠤᠯᠵᠤ᠂ ᠮᠡᠳᠡᠭᠡ ᠵᠠᠩᠭᠢᠵᠢᠯᠲᠠ ᠶᠢ ᠭᠦᠢᠴᠡᠳ ᠠᠰᠢᠭᠯᠠᠵᠤ᠂ ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠤᠯᠠᠨ ᠲᠦᠮᠡᠨ ᠢ ᠳᠤᠲᠠᠭᠤ ᠭᠦᠶᠦᠯᠭᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠦᠬᠦᠮ ᠦᠵᠡᠭᠦᠯᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠪᠣᠯᠤᠨ ᠦᠢᠯᠡᠴᠢᠯᠡᠭᠡᠨ ᠤ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠨᠡᠩ ᠤᠯᠠᠨ ᠬᠡᠷᠡᠭ ᠶᠠᠪᠤᠳᠠᠯ ᠢ ︽ᠰᠢᠢᠳᠪᠦᠷᠢᠯᠡᠵᠦ ᠳᠡᠶᠢᠯᠬᠦ︾᠎ ᠠᠴᠠ ︽ᠰᠠᠶᠢᠲᠤᠷ ᠰᠢᠢᠳᠪᠦᠷᠢᠯᠡᠵᠦ ᠳᠡᠶᠢᠯᠬᠦ︾ ᠲᠡᠶᠢᠰᠢ ᠰᠢᠯᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠭᠦᠨ᠎ᠡ ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号